蒙古文网站Logo
ᠰᠢᠨᠬᠤᠸᠠ ᠮᠤᠩᠭ᠋ᠤᠯ ᠨᠧᠲ

ᠫᠠᠺᠢᠰᠲ᠋ᠠᠨ ᠤ ᠠᠮᠢ ᠵᠤᠯᠢᠶᠠᠰᠤᠯᠠᠭᠰᠠᠨ ᠲᠠᠭᠠᠷᠢᠯᠲᠠ ᠶᠢᠨ ᠬᠡᠷᠡᠭ ᠲᠤ 26 ᠬᠦᠮᠦᠨ ᠠᠮᠢ  ᠪᠠᠨ ᠠᠯᠲᠠᠪᠠ

2017-07-25 10:53

    ᠰᠢᠨᠬᠤᠧᠠ ᠬᠤᠷᠢᠶ᠎ᠠ   ᠢᠰᠯᠠᠮᠠᠪᠠᠳ᠋ ᠤᠨ 7 ᠰᠠᠷ᠎ᠠ ᠶᠢᠨ 24 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠢᠢ ᠸᠸᠢ᠂ ᠵᠠᠩ ᠴᠢ ) 24 ᠤ ᠡᠲᠦᠷ᠂ ᠫᠠᠺᠢᠰᠲ᠋ᠠᠨ ᠤ ᠪᠦᠨᠵᠧᠪ ᠮᠤᠵᠢ ᠶᠢᠨ ᠡᠷᠡᠬᠦᠯ ᠬᠠᠮᠠᠭᠠᠯᠠᠯ ᠤᠨ ᠰᠠᠶᠢᠳ ᠬᠡᠯᠡᠬᠦ ᠳ᠋ᠡᠭᠡᠨ ᠲᠤᠬᠠᠢ ᠶᠢᠨ ᠡᠲᠦᠷ ᠤᠨ ᠦᠲᠡ ᠶᠢᠨ ᠬᠤᠶᠢᠨ᠎ᠠ ᠪᠦᠨᠵᠧᠪ ᠮᠤᠵᠢ ᠶᠢᠨ ᠲᠦᠪ ᠲᠤ ᠡᠭᠦᠰᠦᠭᠰᠡᠨ ᠠᠮᠢ ᠵᠤᠯᠢᠶᠠᠰᠤᠯᠠᠭᠰᠠᠨ ᠲᠠᠭᠠᠷᠢᠯᠲᠠ ᠬᠡᠷᠡᠭ ᠲᠤ 26 ᠬᠦᠮᠦᠨ ᠠᠮᠢ ᠪᠠᠨ ᠠᠯᠲᠠᠵᠤ᠂ 49 ᠬᠦᠮᠦᠨ ᠰᠢᠷᠬᠠᠲᠤᠪᠠ᠂ ᠡᠭᠦᠨ ᠳ᠋ᠤ ᠠᠮᠢ ᠪᠠᠨ ᠠᠯᠲᠠᠭᠰᠠᠳ ᠲᠤ 9 ᠴᠠᠭᠲᠠᠭ᠎ᠠ ᠪᠤᠢ ᠭᠡᠵᠡᠢ᠃ ᠲᠡᠷᠡᠪᠡᠷ ᠮᠦᠨ ᠬᠡᠪᠯᠡᠯ ᠮᠡᠲᠡᠭᠡᠯᠡᠯ ᠤᠨ ᠰᠤᠷᠪᠤᠯᠵᠢᠯᠠᠭ᠎ᠠ ᠶᠢ ᠬᠦᠯᠢᠶᠡᠬᠦ ᠳ᠋ᠡᠭᠡᠨ 15 ᠰᠢᠷᠬᠠᠲᠤᠭᠰᠠᠳ ᠪᠠᠶᠢᠲᠠᠯ ᠬᠦᠨᠳᠦ ᠪᠠᠶᠢᠨ᠎ᠠ᠂ ᠠᠮᠢ ᠪᠠᠨ ᠠᠯᠲᠠᠬᠤ ᠬᠦᠮᠦᠨ ᠤ ᠲᠤᠭ᠎ᠠ ᠨᠡᠮᠡᠭᠲᠡᠬᠦ ᠬᠠᠨᠲᠤᠰᠢ ᠲᠠᠢ ᠭᠡᠵᠡᠢ᠃

    ᠫᠠᠺᠢᠰᠲ᠋ᠠᠨ ᠤ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠢᠶᠡᠷ ᠲᠤᠬᠠᠢ ᠶᠢᠨ ᠡᠲᠦᠷ ᠤᠨ ᠦᠲᠡ ᠶᠢᠨ ᠬᠤᠶᠢᠨ᠎ᠠ 4᠄ 00 ᠴᠠᠭ ᠤᠨ ᠦᠶ᠎ᠠ ᠪᠡᠷ᠂ ᠠᠮᠢ ᠵᠤᠯᠢᠶᠠᠰᠤᠯᠠᠭᠴᠢ ᠮᠤᠲ᠋ᠤᠷ ᠤᠨᠤᠵᠤ ᠵᠠᠮ ᠤᠨ ᠬᠠᠵᠠᠭᠤ ᠶᠢᠨ ᠴᠠᠭᠲᠠᠭ᠎ᠠ ᠶᠢ ᠲᠠᠭᠠᠷᠢᠵᠤ ᠲᠡᠯᠪᠡᠷᠡᠯᠲᠡ ᠶᠢᠨ ᠬᠡᠷᠡᠭ ᠡᠭᠦᠰᠭᠡᠭ᠍ᠰᠡᠨ ᠭᠡᠵᠡᠢ᠃ ᠬᠡᠷᠡᠭ ᠤᠨ ᠲᠠᠷᠠᠭ᠎ᠠ ᠲᠤᠬᠠᠢ ᠶᠢᠨ ᠤᠷᠤᠨ ᠤ ᠴᠠᠭᠲᠠᠭᠠᠨ ᠤ ᠬᠢᠨ ᠠᠮᠢ ᠵᠤᠯᠢᠶᠠᠰᠤᠯᠠᠭᠰᠠᠨ ᠲᠠᠭᠠᠷᠢᠯᠲᠠ ᠶᠢᠨ ᠬᠡᠷᠡᠭ ᠬᠡᠮᠡᠨ ᠨᠤᠲᠠᠯᠠᠵᠤ᠂ ᠫᠠᠺᠢᠰᠲ᠋ᠠᠨ ᠤ ᠶᠡᠷᠦᠩᠬᠡᠶᠢᠯᠡᠭᠴᠢ᠂ ᠶᠡᠷᠦᠩᠬᠡᠢ ᠰᠠᠶᠢᠳ  ᠡᠨᠳᠡᠭᠰᠡᠳ ᠤᠨ ᠭᠡᠷ ᠪᠦᠯᠢ ᠶᠢᠨ ᠬᠢᠨ ᠢ ᠲᠤᠲᠤᠨᠤ ᠪᠡᠷ ᠲᠤᠬᠤᠨᠢᠭᠤᠯᠵᠤ᠂ ᠠᠮᠢ ᠵᠤᠯᠢᠶᠠᠰᠤᠯᠠᠨ ᠲᠠᠭᠠᠷᠢᠯᠲᠠ ᠶᠢᠨ ᠬᠡᠷᠡᠭ ᠡᠭᠦᠰᠭᠡᠭ᠍ᠰᠡᠨ ᠲᠤᠬᠠᠢ ᠵᠢᠮᠡᠯᠡᠨ ᠪᠤᠷᠤᠭᠤᠰᠢᠶᠠᠪᠠ᠃

    ᠫᠠᠺᠢᠰᠲ᠋ᠠᠨ ᠤ ᠲᠠᠯᠢᠪᠠᠨ ᠤ ᠨᠢᠭᠡ ᠰᠠᠯᠪᠤᠷᠢ ᠶᠢᠨ 13 ᠨᠠᠰᠤᠲᠠᠢ ᠵᠢᠭᠠᠯ ᠬᠦᠦ ᠲᠤᠰ ᠲᠠᠭᠠᠷᠢᠯᠲᠠ ᠶᠢᠨ ᠬᠡᠷᠡᠭ ᠢ ᠡᠭᠦᠰᠭᠡ᠍ᠭ᠍ᠰᠡᠨ ᠭᠡᠵᠦ ᠲᠠᠯᠢᠪᠠᠨ ᠤ ᠬᠢᠨ ᠤᠨᠴᠠᠯᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121375853