ᠱᠠᠰᠢᠳ᠋ • ᠬᠠᠺᠠᠨ • ᠠᠪᠠᠰᠢ ᠫᠠᠺᠢᠰᠲ᠋ᠠᠨ ᠤ ᠶᠡᠷᠦᠩᠬᠡᠢ ᠰᠠᠶᠢᠳ ᠢᠶᠡᠷ ᠰᠤᠩᠭ᠋ᠤᠭᠲᠠᠪᠠ 2017-08-02 11:20

    ᠰᠢᠨᠬᠤᠧᠠ ᠬᠤᠷᠢᠶ᠎ᠠ   ᠢᠰᠯᠠᠮᠠᠪᠠᠳ᠋ ᠤᠨ 8 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠢᠢ ᠸᠧᠢ᠂ ᠵᠠᠩ ᠴᠢ ) 8 ᠰᠠᠷ᠎ᠠ ᠶᠢᠨ 1 ᠤ ᠡᠲᠦᠷ ᠫᠠᠺᠢᠰᠲ᠋ᠠᠨ ᠵᠦᠪᠯᠯᠡᠭᠡᠨ ᠤ ᠬᠤᠷᠠᠯ ᠬᠤᠷᠠᠯᠲᠤᠭᠤᠯᠵᠤ᠂ ᠵᠠᠰᠠᠭ ᠪᠠᠷᠢᠭᠴᠢ ᠨᠠᠮ ᠫᠠᠺᠢᠰᠲ᠋ᠠᠨ ᠤ ᠯᠠᠯᠦ ᠶᠢᠨ ᠬᠤᠯᠪᠤᠭ᠎ᠠ ᠶᠢᠨ ᠵᠢᠱᠢᠭᠲᠡᠭᠴᠢᠱᠠᠰᠢᠳ᠋ • ᠬᠠᠺᠠᠨ • ᠠᠪᠠᠰᠢ ᠫᠠᠺᠢᠰᠲ᠋ᠠᠨ ᠤ ᠶᠡᠷᠦᠩᠬᠡᠢ ᠰᠠᠶᠢᠳ ᠢᠶᠡᠷ ᠰᠤᠩᠭ᠋ᠤᠭᠲᠠᠪᠠ᠃

    ᠲᠤᠬᠠᠢ ᠶᠢᠨ ᠡᠲᠦᠷ ᠤᠨ ᠤᠷᠤᠢ᠂ ᠫᠠᠺᠢᠰᠲ᠋ᠠᠨ ᠤ ᠶᠡᠷᠦᠩᠬᠡᠶᠢᠯᠡᠭᠴᠢ ᠡᠾᠦ᠋ᠰᠠᠶᠢᠨᠱᠠᠰᠢᠳ᠋ • ᠬᠠᠺᠠᠨ • ᠠᠪᠠᠰᠢ ᠶᠢᠨ ᠲᠤᠰᠢᠶᠠᠯ ᠳ᠋ᠤ ᠭᠠᠷᠬᠤ ᠶᠤᠰᠤᠯᠠᠯ ᠢ ᠡᠷᠬᠢᠯᠡᠨ ᠶᠠᠪᠤᠭᠲᠠᠭᠤᠯᠪᠠ᠃

    ᠱᠠᠰᠢᠳ᠋ • ᠬᠠᠺᠠᠨ • ᠠᠪᠠᠰᠢ ᠪᠤᠯ ᠫᠠᠺᠢᠰᠲ᠋ᠠᠨ ᠤ ᠯᠠᠯᠦ ᠶᠢᠨ ᠬᠤᠯᠪᠤᠭᠠᠨ ᠤ ᠤᠲᠤᠷᠢᠲᠤᠭᠴᠢ ᠶᠢᠨ ᠨᠢᠭᠡ᠂ ᠵᠠᠰᠠᠭ ᠤᠨ ᠠᠵᠢᠯ ᠬᠢᠭ᠍ᠰᠡᠨ ᠡᠯᠪᠡᠭ᠌ ᠲᠤᠷᠰᠢᠯᠭ᠎ᠠ ᠲᠠᠢ᠂ ᠵᠦᠪᠯᠯᠡᠭᠡᠨ ᠤ ᠬᠤᠷᠠᠯ ᠤᠨ ᠭᠡᠰᠢᠬᠦᠨ ᠢᠶᠡᠷ ᠤᠯᠠᠨ ᠤᠲᠠᠭ᠎ᠠ ᠠᠵᠢᠯᠯᠠᠭᠰᠠᠨ ᠪᠦᠭᠡᠳ ᠵᠠᠰᠠᠭ ᠤᠨ ᠭᠠᠵᠠᠷ ᠲᠤ ᠤᠯᠠᠨ ᠵᠡᠷᠭᠡ ᠲᠤᠰᠢᠶᠠᠯ ᠡᠭᠦᠷᠭᠡᠯᠡᠵᠦ ᠦᠩᠭᠡᠷᠡᠪᠡ᠃ 2013 ᠤᠨ ᠤ 6 ᠰᠠᠷ᠎ᠠ ᠡᠴᠡ ᠡᠨᠡ ᠤᠨ ᠤ 7 ᠰᠠᠷ᠎ᠠ ᠶᠢᠨ 28 ᠤ ᠡᠲᠦᠷ ᠪᠤᠯᠲᠠᠯ᠎ᠠ ᠵᠠᠰᠠᠭ ᠤᠨ ᠭᠠᠵᠠᠷ ᠤᠨ ᠴᠢᠯᠠᠭᠤᠨ ᠲᠤᠰᠤ ᠪᠠ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠲᠠᠷᠤᠭ᠎ᠠ ᠪᠡᠷ ᠠᠵᠢᠯᠯᠠᠪᠠ᠃

    7 ᠰᠠᠷ᠎ᠠ ᠶᠢᠨ 28 ᠤ ᠡᠲᠦᠷ ᠫᠠᠺᠢᠰᠲ᠋ᠠᠨ ᠤ ᠬᠠᠮᠤᠭ ᠤᠨ ᠲᠡᠭᠡᠳᠦ ᠰᠢᠬᠦᠬᠦ ᠶᠢᠨ ᠭᠠᠵᠠᠷ ᠡᠴᠡ ᠤᠤᠯ ᠤᠨ ᠶᠡᠷᠦᠩᠬᠡᠢ ᠰᠠᠶᠢᠳ ᠱᠠᠷᠢᠹ ᠪᠠ ᠲᠡᠬᠦᠨ ᠤ ᠭᠡᠷ ᠪᠦᠯᠢ ᠶᠢᠨ ᠬᠢᠨ ᠤ ᠠᠪᠯᠢᠭᠠᠯ ᠳ᠋ᠤ ᠬᠤᠯᠪᠤᠭᠲᠠᠭᠰᠠᠨ ᠠᠰᠠᠭᠤᠲᠠᠯ ᠳ᠋ᠤ ᠰᠢᠬᠦᠨ ᠲᠠᠰᠤᠯᠤᠯᠲᠠ ᠬᠢᠵᠦ᠂ ᠶᠡᠷᠦᠩᠬᠡᠢ ᠰᠠᠶᠢᠳ ᠤᠨ ᠲᠤᠰᠢᠶᠠᠯ ᠡᠴᠡ ᠨᠢ ᠤᠭᠴᠠᠷᠠᠭᠤᠯᠵᠤ ᠬᠤᠪᠢ ᠬᠦᠮᠦᠨ ᠪᠠ ᠭᠡᠷ ᠪᠦᠯᠢ ᠶᠢᠨ ᠵᠠᠷᠢᠮ ᠬᠦᠮᠦᠰ ᠢ ᠨᠢ ᠪᠠᠶᠢᠴᠠᠭᠠᠬᠤ ᠪᠡᠷ ᠪᠤᠯᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120791121419974