蒙古文网站Logo
ᠰᠢᠨᠬᠤᠸᠠ ᠮᠤᠩᠭ᠋ᠤᠯ ᠨᠧᠲ

ᠠᠮᠧᠷᠢᠺᠠ ᠬᠡᠲᠦ ᠲᠤᠮᠤ ᠺᠤᠮᠫᠢᠦ᠋ᠲ᠋ᠧᠷ ᠢ ᠠᠩᠬ᠎ᠠ ᠰᠠᠨᠰᠠᠷ ᠲᠤ ᠬᠦᠷᠭᠡᠬᠦ ᠪᠡᠷ ᠪᠠᠶᠢᠨ᠎ᠠ

2017-08-14 17:26

    ᠰᠢᠨᠬᠤᠧᠠ ᠬᠤᠷᠢᠶ᠎ᠠ   ᠸᠠᠰᠢᠩᠲ᠋ᠤᠨ ᠤ 8 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢᠨ ᠰᠢᠶᠤᠤ ᠴᠦᠨ ) ᠠᠮᠧᠷᠢᠺᠠ ᠶᠢᠨ HP ᠠᠵᠤ ᠠᠬᠤᠶᠢᠯᠠᠯ ᠡᠴᠡ ᠲᠤᠰ ᠺᠤᠮᠫᠠᠨᠢ ᠶᠢᠨ ᠬᠡᠲᠦ ᠲᠤᠮᠤ ᠺᠤᠮᠫᠢᠦ᠋ᠲ᠋ᠧᠷ ᠢ 《ᠯᠤᠤ 》 ᠰᠠᠨᠰᠠᠷ ᠬᠦᠯᠭᠡ ᠲᠡᠭᠡᠭᠡᠵᠦ ᠲᠤᠩ ᠤᠲᠠᠬᠤ ᠦᠭᠡᠢ ᠤᠯᠠᠨ ᠤᠯᠤᠰ ᠤᠨ ᠤᠭᠲᠠᠷᠭᠤᠢ ᠶᠢᠨ ᠦᠷᠲᠡᠭᠡ ᠳ᠋ᠤ ᠬᠦᠷᠭᠡᠬᠦ ᠪᠤᠯᠤᠨ᠎ᠠ ᠭᠡᠵᠦ 11 ᠤ ᠡᠲᠦᠷ ᠤᠨᠴᠠᠯᠠᠪᠠ᠃ ᠡᠨᠡᠬᠦ ᠬᠡᠲᠦ ᠲᠤᠮᠤ ᠺᠤᠮᠫᠢᠦ᠋ᠲ᠋ᠧᠷ ᠤᠨ ᠰᠢᠰᠲ᠋ᠧᠮ ᠨᠢ ᠨᠢᠭᠡ ᠵᠢᠯ ᠤᠨ ᠬᠤᠭᠤᠴᠠᠭ᠎ᠠ ᠲᠠᠢ ᠠᠵᠢᠯᠯᠠᠬᠤ ᠪᠤᠯᠤᠨ᠎ᠠ᠃ ᠭᠤᠤᠯᠲᠠᠭᠤ ᠰᠠᠨᠰᠠᠷ ᠤᠭᠲᠠᠷᠭᠤᠢ ᠶᠢᠨ ᠠᠶᠤᠯ ᠲᠠᠢ ᠬᠡᠴᠡᠬᠦᠦ ᠤᠷᠴᠢᠨ ᠳ᠋ᠤ ᠤᠷᠲᠤ ᠬᠤᠭᠤᠴᠠᠭ᠎ᠠ ᠠᠵᠢᠯᠯᠠᠵᠤ ᠲᠡᠢᠢᠯᠬᠦ ᠡᠰᠡᠬᠦ  ᠶᠢ ᠲᠤᠷᠰᠢᠨ ᠤᠶᠢᠯᠠᠭᠠᠬᠤ ᠵᠤᠷᠢᠯᠲᠠ ᠲᠠᠢ᠃

    ᠲᠤᠰ ᠺᠤᠮᠫᠠᠨᠢ ᠶᠢᠨ ᠬᠢᠨ ᠤ ᠬᠡᠯᠡᠬᠦ ᠪᠡᠷ᠂ ᠡᠨᠡ ᠨᠢ ᠠᠮᠧᠷᠢᠺᠠ ᠶᠢᠨ ᠠᠭᠠᠷ ᠰᠠᠨᠰᠠᠷ ᠤᠨ ᠲᠤᠪᠴᠢᠶ᠎ᠠ ᠲᠠᠢ ᠬᠠᠮᠲᠤᠷᠠᠨ ᠠᠵᠢᠯᠯᠠᠵᠤ ᠪᠦᠬᠦᠢ ᠨᠢᠭᠡ ᠲᠦᠰᠦᠯ ᠤᠨ ᠲᠤᠷᠰᠢᠯᠲᠠ ᠶᠢᠨ ᠬᠡᠰᠡᠭ ᠪᠤᠯᠤᠨ᠎ᠠ ᠭᠡᠵᠡᠢ᠃ ᠭᠠᠯ ᠭᠠᠷᠠᠭ ᠤᠨ ᠡᠭᠦᠷᠭᠡ ᠶᠢ ᠭᠦᠢᠴᠡᠳᠭᠡᠬᠦ ᠳ᠋ᠤ ᠬᠡᠲᠦ ᠲᠤᠮᠤ ᠺᠤᠮᠫᠢᠦ᠋ᠲ᠋ᠧᠷ ᠬᠡᠷᠡᠭᠲᠡᠢ᠂ ᠬᠡᠬᠦ ᠳ᠋ᠡᠭᠡᠨ ᠤᠲᠤᠬᠠᠨ ᠳ᠋ᠤ ᠰᠠᠨᠰᠠᠷ ᠤᠭᠲᠠᠷᠭᠤᠢ ᠶᠢᠨ ᠬᠡᠲᠦ ᠲᠤᠮᠤ ᠺᠤᠮᠫᠢᠦ᠋ᠲ᠋ᠧᠷ ᠤᠨ ᠲᠠᠭᠠᠭᠠᠴᠠ ᠴᠢᠲᠠᠮᠵᠢ ᠨᠢ ᠬᠢᠵᠠᠭᠠᠷ ᠲᠠᠢ ᠪᠤᠯᠬᠤᠷ ᠤᠯᠠᠩᠬᠢ ᠲᠦᠰᠤᠯ ᠤᠨ ᠪᠤᠲᠤᠯᠭ᠎ᠠ ᠶᠢ ᠭᠠᠵᠠᠷ ᠲᠡᠭᠡᠷ᠎ᠡ ᠪᠡᠶᠡᠯᠡᠬᠦᠯᠲᠡᠭ᠃ ᠭᠠᠯ ᠭᠠᠷᠠᠭ ᠬᠠᠪᠢ ᠶᠢᠨ ᠬᠠᠶᠢᠨ ᠰᠦᠪᠡᠭ᠍ᠴᠢᠯᠡᠬᠦ ᠡᠭᠦᠷᠭᠡ ᠶᠢ ᠪᠡᠶᠡᠯᠡᠬᠦᠯᠬᠦ ᠳ᠋ᠤ ᠮᠡᠲᠡᠭᠡ ᠵᠠᠩᠬᠢ ᠶᠢᠨ ᠬᠤᠷᠢᠶᠠᠨ ᠠᠪᠤᠯᠲᠠ 40 ᠮᠢᠨᠦ᠋ᠲ ᠬᠤᠵᠢᠭᠤᠲᠠᠵᠤ ᠰᠠᠨᠰᠠᠷᠴᠢᠨ ᠤ ᠪᠠᠴᠢᠮ ᠠᠰᠠᠭᠤᠲᠠᠯ ᠢ ᠰᠢᠢᠳᠪᠦᠷᠢᠯᠡᠬᠦ ᠳ᠋ᠤ ᠠᠶᠤᠯ ᠲᠠᠢ ᠪᠠᠶᠢᠲᠠᠭ᠃

    ᠡᠲᠡᠭᠡᠷ ᠱᠠᠭᠠᠷᠲᠠᠯᠭ᠎ᠠ ᠶᠢ ᠪᠡᠶᠡᠯᠡᠬᠦᠯᠬᠦ ᠪᠡᠷ ᠮᠠᠨ ᠤ ᠺᠤᠮᠫᠠᠨᠢ ᠶᠢᠨ ᠬᠢᠨ ᠬᠠᠮᠢᠶᠠᠲᠠᠢ ᠮᠡᠷᠭᠡᠵᠢᠯ ᠢᠶᠡᠨ ᠲᠡᠭᠡᠭ᠍ᠰᠢᠯᠡᠬᠦᠯᠵᠦ᠂ ᠰᠠᠨᠰᠠᠷ ᠤᠭᠲᠠᠷᠭᠤᠢ ᠳ᠋ᠤ ᠠᠰᠢᠲᠠᠶᠢᠬᠠᠨ ᠠᠵᠢᠯᠯᠠᠵᠤ ᠪᠤᠯᠬᠤ ᠬᠡᠲᠦ ᠲᠤᠮᠤ ᠺᠤᠮᠫᠢᠦ᠋ᠲ᠋ᠧᠷ ᠢ ᠦᠢᠯᠡᠳᠬᠦ ᠪᠡᠷ ᠴᠢᠷᠮᠠᠶᠢᠨ ᠠᠵᠢᠯᠯᠠᠵᠤ ᠡᠬᠢᠯᠡᠭᠰᠡᠨ ᠭᠡᠵᠦ ᠠᠮᠧᠷᠢᠺᠠ ᠶᠢᠨ HP ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠲᠦᠪ ᠤᠨ ᠨᠢᠭᠡ ᠲᠠᠷᠤᠭ᠎ᠠ ᠶᠠᠷᠢᠨ᠎ᠠ᠃  

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121481583