蒙古文网站Logo
ᠰᠢᠨᠬᠤᠸᠠ ᠮᠤᠩᠭ᠋ᠤᠯ ᠨᠧᠲ

ᠮᠠᠺᠷᠤᠨ ᠢ ᠲᠡᠮᠵᠢᠬᠦ ᠨᠤᠷᠮ᠎ᠠ ᠶᠡᠬᠡ ᠪᠡᠷ ᠪᠠᠭᠤᠷᠠᠪᠠ

2017-08-16 10:52

    ᠢᠰᠫᠠᠨᠢ ᠶᠢᠨ 《ᠲᠦᠷᠦ ᠶᠢᠨ ᠰᠤᠨᠢᠨ》 ᠤ ᠠᠯᠪᠠᠨ ᠰᠠᠶᠢᠲ ᠤᠨ 8 ᠰᠠᠷ᠎ᠠ ᠶᠢᠨ 13 ᠤ ᠡᠲᠦᠷ ᠮᠡᠲᠡᠭᠡᠯᠡᠭᠰᠡᠨ ᠢᠶᠡᠷ᠂ ᠹᠷᠠᠨᠼᠢ ᠶᠢᠨ ᠶᠠᠷᠢᠶ᠎ᠠ ᠬᠡᠯᠡᠯᠴᠡᠭᠡᠨ ᠤ ᠰᠤᠲᠤᠯᠭᠠᠨ ᠤ ᠭᠠᠵᠠᠷ ᠰᠡᠬᠦᠯ ᠤᠨ ᠬᠡᠲᠦᠨ ᠭᠠᠷᠠᠭ ᠡᠴᠡ ᠨᠠᠰᠢᠬᠢ ᠢᠷᠭᠡᠳ ᠤᠨ ᠰᠠᠨᠠᠯ ᠬᠤᠷᠢᠶᠠᠯᠲᠠ ᠶᠢᠨ ᠪᠠᠶᠢᠲᠠᠯ ᠢ ᠦᠨᠳᠦᠰᠦᠯᠡᠨ ᠮᠠᠺᠷᠤᠨ ᠢ ᠲᠡᠮᠵᠢᠬᠦ ᠨᠤᠷᠮ᠎ᠠ ᠶᠡᠬᠡ ᠪᠡᠷ ᠪᠠᠭᠤᠷᠠᠵᠤ 36ᠳ᠋ᠤ ᠬᠦᠷᠪᠡ ᠭᠡᠵᠡᠢ᠃ ᠠᠩᠬ᠎ᠠ ᠶᠡᠷᠦᠩᠬᠡᠶᠢᠯᠡᠭᠴᠢ ᠶᠢᠨ ᠲᠤᠰᠢᠶᠠᠯ ᠳ᠋ᠤ ᠭᠠᠷᠬᠤ ᠦᠶ᠎ᠠ ᠳ᠋ᠤ ᠲᠡᠭᠦᠨ ᠢ ᠲᠡᠮᠵᠢᠬᠦ ᠨᠤᠷᠮ᠎ᠠ 62ᠬᠦᠷᠴᠦ ᠪᠠᠶᠢᠪᠠ᠃ ᠲᠤᠶᠢᠮᠤᠴᠢᠳ ᠤᠨ ᠦᠵᠡᠬᠦ ᠪᠡᠷ᠂ ᠮᠠᠺᠷᠤᠨ ᠤ ᠬᠦᠲᠡᠯᠮᠦᠷᠢ ᠬᠦᠴᠦᠨ ᠤ ᠬᠠᠦᠯᠢ ᠶᠢᠨ ᠦᠭᠡᠷᠡᠴᠢᠯᠡᠯᠲᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠦᠰᠦᠪ ᠤᠨ ᠵᠠᠷᠤᠯᠭ᠎ᠠ ᠶᠢ ᠪᠠᠭᠠᠰᠬᠠᠭᠰᠠᠨ ᠵᠡᠷᠭᠡ ᠲᠦᠷᠦ ᠶᠢᠨ ᠪᠤᠲᠤᠯᠭ᠎ᠠ ᠨᠢ ᠹᠠᠷᠨᠨᠼᠢ ᠶᠢᠨ ᠡᠯ᠎ᠡ ᠡᠲᠡᠭᠡᠳ ᠤᠨ ᠬᠢᠨ ᠤ ᠰᠠᠨᠠᠭᠠᠰᠢᠷᠠᠯ ᠪᠠ ᠲᠤᠷ᠎ᠠ ᠦᠭᠡᠶᠢᠴᠡᠯ ᠢ ᠬᠦᠷᠭᠡᠭ᠍ᠰᠡᠨ ᠭᠡᠵᠡᠢ᠃

    ᠮᠠᠺᠷᠤᠨ ᠦᠪᠡᠷ ᠢᠶᠡᠨ ᠶᠡᠷᠦᠩᠬᠡᠶᠢᠯᠡᠭᠴᠢ ᠶᠢᠨ ᠲᠤᠰᠢᠶᠠᠯ ᠳ᠋ᠤ ᠭᠠᠷᠤᠭᠰᠠᠨ 100 ᠡᠲᠦᠷ ᠤᠨ ᠲᠤᠬᠠᠢ ᠦᠯᠦ ᠲᠤᠭᠤᠮᠰᠠᠷᠯᠠᠵᠤ ᠨᠡᠩ ᠴᠢᠬᠤᠯᠠ ᠨᠢ ᠠᠯᠦᠰ ᠤᠨ ᠬᠠᠷᠠᠴᠠ ᠬᠤᠯᠠ ᠶᠢᠨ ᠪᠤᠲᠤᠯ ᠲᠠᠢ ᠪᠠᠶᠢᠬᠤ ᠪᠤᠯ ᠴᠢᠬᠤᠯᠠ ᠭᠡᠵᠦ ᠦᠵᠡᠲᠡᠭ᠃ ᠡᠨᠡ ᠤᠨ ᠤ 4 ᠰᠠᠷ᠎ᠠ ᠶᠢᠨ ᠦᠶ᠎ᠠ ᠪᠡᠷ ᠤᠤᠯ ᠤᠨ ᠶᠡᠷᠦᠩᠬᠡᠶᠢᠯᠡᠭᠴᠢ ᠨᠤᠭᠤᠳ ᠢᠯᠠᠭᠲᠠᠯ ᠳ᠋ᠤ ᠤᠴᠠᠷᠠᠭᠰᠠᠨ ᠤ ᠰᠢᠯᠲᠠᠭᠠᠨ ᠨᠢ ᠠᠩᠬ᠎ᠠ ᠲᠤᠰᠢᠶᠠᠯ ᠳ᠋ᠤ ᠭᠠᠷᠬᠤ ᠳ᠋ᠠᠭᠠᠨ ᠪᠤᠲᠠᠲᠤ ᠪᠠᠶᠢᠲᠠᠯ ᠡᠴᠡ ᠬᠡᠲᠦᠷᠡᠭᠰᠡᠨ ᠠᠮᠠᠯᠠᠯᠲᠠ ᠦᠭ᠍ᠭᠦᠭ᠍ᠰᠡᠨ ᠡᠴᠡ ᠪᠤᠯᠤᠭᠰᠠᠨ ᠭᠡᠵᠡᠢ᠃ ᠭᠡᠪᠡᠴᠦ ᠲᠡᠷᠡᠪᠡᠷ 《ᠭᠠᠷᠠᠭ ᠤᠨ ᠡᠲᠦᠷ ᠰᠤᠨᠢᠨ》 ᠤ ᠰᠤᠷᠪᠤᠯᠵᠢᠯᠠᠭ᠎᠎ᠠ ᠶᠢ ᠬᠦᠯᠢᠶᠡᠬᠦ ᠳ᠋ᠡᠭᠡᠨ ᠲᠤᠰᠢᠶᠠᠯ ᠳ᠋ᠤ ᠭᠠᠷᠤᠭᠰᠠᠨ ᠡᠬᠢᠨ ᠤ ᠭᠤᠷᠪᠠᠨ ᠰᠠᠷ᠎᠎ᠡ ᠶᠢᠨ ᠲᠦᠯᠦᠪᠯᠡᠭᠡ ᠪᠠᠨ ᠶᠠᠷᠢᠭᠰᠠᠨ ᠪᠠᠶᠢᠲᠠᠭ᠃

    ᠤᠯᠠᠨ ᠤᠯᠤᠰ ᠤᠨ ᠲᠠᠯ᠎ᠠ ᠪᠡᠷ ᠮᠠᠺᠷᠤᠨ ᠡᠭᠡᠯ ᠲᠦᠮᠡᠨᠴᠢ ᠦᠵᠡᠯ ᠤᠨ ᠦᠷᠨᠢᠯᠲᠡ ᠶᠢ ᠬᠤᠷᠢᠭᠯᠠᠭᠰᠠᠨ ᠢᠶᠡᠷ ᠢᠯᠠᠯᠲᠠ ᠤᠯᠪᠠ᠃ ᠠᠩᠭ᠍ᠯᠢ ᠡᠧᠦ᠋ᠷᠦᠫᠠ ᠶᠢᠨ ᠬᠤᠯᠪᠤᠭᠠᠨ ᠤ ᠭᠡᠰᠢᠬᠦᠨᠴᠢᠯᠡᠯ ᠡᠴᠡ ᠭᠠᠷᠬᠤ ᠪᠠ ᠠᠮᠧᠷᠢᠺᠠ ᠶᠢᠨ ᠬᠠᠮᠠᠭᠠᠯᠠᠬᠤ ᠦᠵᠡᠯ ᠭᠠᠵᠠᠷ ᠠᠪᠴᠤ ᠪᠠᠶᠢᠭ᠎ᠠ ᠳ᠋ᠤ ᠲᠡᠷᠡᠪᠡᠷ ᠡᠧᠦ᠋ᠷᠦᠫᠠ ᠴᠢᠨᠠᠭᠰᠢᠯᠠᠪᠠᠯ ᠪᠦᠬᠦ ᠲᠡᠯᠡᠬᠡᠢ ᠶᠢᠨ ᠡᠭᠡᠯ ᠲᠦᠮᠡᠨᠴᠢ ᠦᠵᠡᠯ ᠤᠨ ᠬᠦᠮᠦᠰ ᠤᠨ ᠰᠡᠳᠬᠢᠯ ᠢ ᠨᠢ ᠲᠠᠢᠢᠪᠤᠰᠢᠢᠭᠤᠯᠪᠠ᠃ ᠲᠤᠯᠤᠭᠠᠨ ᠤᠯᠤᠰ ᠤᠨ ᠡᠪᠰᠡᠯ ᠪᠦᠯᠦᠭ ᠪᠠ ᠬᠤᠷᠢᠨ ᠤᠯᠤᠰ ᠤᠨ ᠡᠪᠰᠡᠯ ᠪᠦᠯᠦᠭ ᠤᠨ ᠬᠤᠷᠠᠯᠲᠤᠭᠠᠨ ᠤ ᠦᠶ᠎ᠠ ᠪᠡᠷ ᠮᠠᠺᠷᠤᠨ ᠲᠡᠯᠡᠬᠡᠢ ᠨᠡᠶᠢᠲᠡ ᠳ᠋ᠤ ᠢᠲᠡᠭᠡᠯ ᠵᠤᠷᠢᠭ  ᠨᠡᠮᠡᠭᠰᠡᠨ  ᠢᠶᠡᠷ ᠤᠯᠠᠨ ᠤᠯᠤᠰ ᠤᠨ ᠲᠠᠪᠴᠠᠩ ᠳ᠋ᠤ ᠬᠦᠷᠢᠶᠡᠯᠡᠯ ᠲᠠᠢ ᠪᠤᠯᠪᠠ᠃

ᠢᠷᠡᠯᠳᠡ᠄ ᠯᠠᠪᠯᠠᠯᠲᠠ ᠶᠢᠨ ᠮᠡᠲᠡᠭᠡ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121491603