蒙古文网站Logo
ᠰᠢᠨᠬᠤᠸᠠ ᠮᠤᠩᠭ᠋ᠤᠯ ᠨᠧᠲ

ᠤᠷᠤᠰ ᠤᠨ ᠬᠠᠮᠤᠭ ᠤᠨ ᠠᠩᠬᠠᠨ ᠤ ᠬᠤᠷᠲᠤᠨ ᠤ ᠭᠠᠯᠲᠤ ᠲᠡᠷᠭᠡᠨ ᠤ ᠱᠤᠭᠤᠮ ᠢᠷᠡᠬᠦ ᠵᠢᠯ ᠡᠴᠡ ᠪᠠᠷᠢᠯᠭ᠎ᠠ ᠡᠬᠢᠯᠡᠬᠦᠯᠦᠨ᠎ᠡ

2017-08-17 10:21

    ᠰᠢᠨᠬᠤᠧᠠ ᠬᠤᠷᠢᠶ᠎ᠠ   ᠮᠤᠰᠺᠸᠠ ᠶᠢᠨ 8 ᠰᠠᠷ᠎ᠠ ᠶᠢᠨ 16 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠴᠧᠨ ᠳ᠋ᠢ ) ᠤᠷᠤᠰ ᠤᠨ ᠲᠡᠮᠦᠷ ᠵᠠᠮ ᠤᠨ ᠺᠤᠮᠫᠠᠨᠢ ᠶᠢᠨ ᠲᠡᠳ᠋ ᠵᠠᠬᠢᠷᠤᠯ 16 ᠤ ᠡᠲᠦᠷ ᠢᠯᠡᠷᠬᠡᠶᠢᠯᠡᠬᠦ ᠳ᠋ᠡᠭᠡᠨ᠂ ᠤᠷᠤᠰ ᠤᠨ ᠬᠠᠮᠤᠭ ᠤᠨ ᠠᠩᠬᠠᠨ ᠤ ᠬᠤᠷᠲᠤᠨ ᠤ ᠭᠠᠯᠲᠤ ᠲᠡᠷᠭᠡᠨ ᠤ ᠱᠤᠭᠤᠮ ᠪᠤᠯᠬᠤ ᠮᠤᠰᠺᠧᠠ - ᠺᠠᠽᠠᠨ ᠱᠤᠭᠤᠮ 2018 ᠤᠨ ᠡᠴᠡ ᠪᠠᠷᠢᠯᠭ᠎ᠠ ᠡᠬᠢᠯᠡᠨ᠎ᠡ ᠭᠡᠵᠡᠢ᠃

    ᠤᠷᠤᠰ ᠤᠨ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠢ ᠦᠨᠳᠦᠰᠦᠯᠡᠪᠡᠯ᠂ ᠲᠡᠷᠡᠪᠡᠷ ᠬᠤᠷᠲᠤᠨ ᠤ ᠭᠠᠯᠲᠤ ᠲᠡᠷᠭᠡᠨ ᠤ ᠱᠤᠭᠤᠮ ᠤᠨ ᠲᠦᠰᠦᠯ ᠢ ᠡᠨᠡ ᠤᠨ ᠳ᠋ᠤ ᠪᠦᠬᠦᠨ ᠢ ᠲᠠᠭᠤᠰᠬᠠᠨ᠎ᠠ᠃ ᠡᠨᠡᠬᠦ ᠭᠠᠯᠲᠤ ᠲᠡᠷᠭᠡᠨ ᠤ ᠱᠤᠭᠤᠮ ᠨᠢ ᠮᠤᠰᠺᠧᠠ - ᠪᠡᠭᠡᠵᠢᠩ ᠤᠨ ᠬᠤᠷᠲᠤᠨ ᠤ ᠭᠠᠯᠲᠤ ᠲᠡᠷᠭᠡᠨ ᠤ ᠱᠤᠭᠤᠮ ᠤᠨ ᠨᠢᠭᠡ ᠬᠡᠰᠡᠭ ᠪᠤᠯᠬᠤ ᠬᠠᠨᠲᠤᠰᠢ ᠲᠠᠢ ᠪᠦᠭᠡᠳ ᠲᠤᠮᠲᠠᠲᠤ ᠤᠯᠤᠰ᠂ ᠡᠸᠦ᠋ᠷᠦᠫᠠ ᠲᠢᠪ ᠪᠠ ᠲᠤᠮᠲᠠᠲᠤ ᠲᠤᠷᠤᠨᠠᠲᠤ ᠶᠢᠨ ᠵᠠᠬ᠎ᠠ ᠵᠡᠭᠡᠯᠢ ᠶᠢ ᠬᠤᠯᠪᠤᠭᠰᠠᠨ ᠲᠤᠷᠭᠠᠨ ᠤ ᠵᠠᠮ ᠤᠨ ᠡᠳ᠋ ᠤᠨ ᠵᠠᠰᠠᠭ ᠤᠨ ᠪᠦᠰᠡ ᠶᠢᠨ ᠲᠦᠰᠦᠯ ᠪᠤᠯᠪᠠ ᠭᠡᠵᠡᠢ᠃

    ᠲᠦᠯᠦᠪᠯᠡᠭ᠍ᠰᠡᠨ ᠢᠶᠡᠷ᠂ ᠡᠨᠡᠬᠦ ᠲᠡᠮᠦᠷ ᠵᠠᠮ ᠤᠨ ᠱᠤᠭᠤᠮ ᠤᠨ ᠪᠦᠬᠦ ᠤᠷᠲᠤ ᠨᠢ 770 ᠺᠢᠯᠤᠮᠧᠲ᠋ᠷ᠂ ᠶᠡᠷᠦᠩᠬᠡᠢ ᠬᠦᠷᠦᠩᠭᠡ ᠤᠷᠤᠭᠤᠯᠤᠯᠲᠠ ᠨᠢ 1.068 ᠲᠦᠮᠡᠨ ᠳ᠋ᠦᠩᠰᠢᠭᠤᠷ ᠷᠦᠪᠯᠢ (ᠪᠠᠷᠤᠭ 178 ᠳ᠋ᠦᠩᠰᠢᠭᠤᠷ ᠳ᠋ᠤᠯᠯᠠᠷ ) ᠪᠤᠯᠤᠨ᠎ᠠ᠃ ᠠᠰᠢᠭᠯᠠᠯᠲᠠ ᠳ᠋ᠤ ᠤᠷᠤᠭᠰᠠᠨ ᠤ ᠲᠠᠷᠠᠭ᠎ᠠ ᠴᠠᠭ ᠲᠤ 400 ᠺᠢᠯᠤᠮᠧᠲ᠋ᠷ ᠠᠶᠠᠯᠠᠵᠤ᠂ ᠮᠤᠰᠺᠧᠠ ᠡᠴᠡ ᠺᠠᠽᠠᠨ ᠬᠦᠷᠬᠦ ᠳ᠋ᠤ 14 ᠴᠠᠭ ᠬᠡᠷᠡᠭᠯᠡᠵᠦ ᠪᠠᠶᠢᠭᠰᠠᠨ ᠢ ᠪᠤᠭᠤᠨᠢᠰᠬᠠᠭᠠᠳ 3.5 ᠴᠠᠭ ᠪᠤᠯᠭᠠᠨ᠎ᠠ᠃

    ᠡᠨᠡᠬᠦ ᠭᠠᠯᠲᠤ ᠲᠡᠷᠭᠡᠨ ᠤ ᠱᠤᠭᠤᠮ ᠨᠢ 2022 ᠤᠨ ᠡᠴᠡ 2023 ᠤᠨ ᠳ᠋ᠤ ᠲᠡᠷᠭᠡ ᠨᠡᠪᠲᠡᠷᠡᠬᠦ ᠪᠤᠯᠤᠨ᠎ᠠ ᠭᠡᠵᠦ ᠤᠷᠤᠰ ᠤᠨ ᠬᠠᠮᠢᠶᠠᠲᠠᠢ ᠲᠠᠯ᠎ᠠ ᠶᠢᠨ ᠬᠢᠨ ᠤᠨᠴᠠᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121497742