蒙古文网站Logo
ᠰᠢᠨᠬᠤᠸᠠ ᠮᠤᠩᠭ᠋ᠤᠯ ᠨᠧᠲ

ᠡᠨᠡᠳᠬᠡᠭ ᠤᠨ ᠪᠠᠷᠠᠭᠤᠨ ᠬᠤᠶᠢᠳᠤ ᠬᠡᠰᠡᠭ ᠲᠤ ᠰᠠᠮᠠᠭᠤᠷᠠᠯ ᠡᠬᠦᠰᠴᠤ 31 ᠬᠦᠮᠦᠨ ᠠᠮᠢ ᠪᠡᠨ ᠠᠯᠳᠠᠵᠠᠢ

2017-08-26 11:19

    8 ᠰᠠᠷ᠎ᠠ ᠶᠢᠨ 25 ᠤ ᠡᠳᠦᠷ᠂ ᠡᠨᠡᠳᠬᠡᠭ ᠤᠨ ᠪᠠᠷᠠᠭᠤᠨ ᠬᠤᠶᠢᠳᠤ ᠶᠢᠨ ᠪᠦᠰᠡ ᠨᠤᠳᠤᠭ ᠲᠤ ᠶᠡᠬᠡ ᠬᠡᠪᠴᠢᠶᠡᠨ ᠤ ᠰᠠᠮᠠᠭᠤᠷᠠᠯ ᠡᠬᠦᠰᠴᠤ᠂ ᠨᠢᠬᠡᠨᠳᠡ 31 ᠬᠦᠮᠦᠨ ᠤ ᠠᠮᠢᠨ ᠳᠤ ᠬᠦᠷᠴᠤ ᠵᠠᠭᠤ ᠭᠠᠷᠤᠢ ᠬᠦᠮᠦᠨ ᠰᠢᠷᠬᠠᠳᠤᠭᠰᠠᠨ ᠪᠠᠶᠢᠨ᠎ᠠ᠃ ᠰᠠᠮᠠᠭᠤᠷᠠᠯ ᠨᠢᠬᠡᠨᠳᠡ ᠨᠡᠶᠢᠰᠯᠡᠯ ᠬᠤᠳᠠ ᠤᠷᠤᠭᠤ ᠦᠷᠬᠡᠵᠢᠨ ᠴᠠᠭᠳᠠᠭᠠᠨ ᠤ ᠳᠠᠯ᠎ᠠ ᠶᠢᠨ ᠬᠢᠨ ᠳᠡᠬᠡᠳᠦ ᠬᠡᠮᠵᠢᠶᠡᠨ ᠤ ᠰᠡᠷᠬᠡᠶᠢᠯᠡᠯᠳᠡ ᠶᠢᠨ ᠪᠠᠶᠢᠳᠠᠯ ᠳᠤ ᠤᠷᠤᠵᠠᠢ᠃ 《ᠦᠨᠦᠳᠦᠷ ᠤᠨ ᠡᠨᠡᠳᠬᠡᠭ》  ᠤᠨ ᠮᠡᠳᠡᠬᠡᠯᠡᠭᠰᠡᠨ ᠢᠶᠡᠷ᠂ ᠳᠤᠬᠠᠢ ᠶᠢᠨ ᠤᠷᠤᠨ ᠤ ᠨᠢᠬᠡᠨ ᠱᠠᠰᠢᠨ ᠤ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠡᠴᠡ ᠳᠤᠰ ᠵᠤᠬᠢᠶᠠᠨ ᠪᠠᠶᠢᠭᠤᠯᠤᠯᠳᠠ ᠶᠢᠨ ᠳᠦᠷᠦᠬᠦᠦ ᠨᠢ ᠬᠦᠴᠦᠷᠬᠡᠭᠯᠡᠯ ᠤᠨ ᠶᠠᠯ᠎ᠠ ᠤᠨᠤᠭᠠᠭᠳᠠᠭᠰᠠᠨ ᠤᠴᠢᠷ ᠲᠤ ᠡᠰᠡᠷᠬᠦᠴᠡᠯ ᠳᠠᠯᠪᠢᠵᠤ ᠰᠠᠮᠠᠭᠤᠷᠠᠯ ᠡᠬᠦᠰᠬᠡᠭᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121546561