ᠡᠨᠡᠳᠭᠡᠭ᠌ ᠬᠦᠴᠦᠲᠡᠢ ᠠᠷᠭ᠎ᠠ ᠬᠡᠮᠵᠢᠶ᠎ᠠ ᠠᠪᠴᠤ ᠰᠠᠮᠠᠭᠤᠷᠠᠯ ᠲᠠᠬᠢᠨ ᠡᠭᠦᠰᠬᠦ ᠶᠢ ᠰᠡᠷᠭᠡᠶᠢᠯᠡᠵᠦ ᠪᠠᠶᠢᠨ᠎ᠠ 2017-08-28 10:58

    ᠰᠢᠨᠬᠤᠧᠠ ᠬᠤᠷᠢᠶ᠎ᠠ   ᠰᠢᠨ᠎ᠡ ᠳ᠋ᠧᠯᠢ ᠶᠢᠨ 8 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠤ ᠰᠢᠶᠤᠤ ᠮᠢᠩ ) 28 ᠤ ᠡᠲᠦᠷ᠂ ᠡᠨᠡᠳᠭᠡᠭ᠌ ᠤᠨ ᠲᠦᠪ ᠤᠨ ᠪᠠᠶᠢᠴᠠᠭᠠᠬᠤ ᠲᠤᠪᠴᠢᠶ᠎ᠠ ᠶᠢᠨ ᠤᠨᠴᠠᠭᠠᠢ ᠰᠢᠬᠦᠬᠦ ᠶᠢᠨ ᠭᠠᠵᠠᠷ ᠱᠠᠰᠢᠨ ᠤ ᠵᠤᠬᠢᠶᠠᠨ ᠪᠠᠶᠢᠭᠤᠯᠤᠯᠲᠠ ᠶᠢᠨ ᠲᠦᠷᠦᠬᠦᠦ ᠶᠢ ᠰᠢᠢᠳᠭᠡᠬᠦ ᠪᠤᠯᠤᠨ᠎ᠠ᠃ ᠰᠠᠮᠠᠭᠤᠷᠠᠯ ᠲᠠᠬᠢᠨ ᠡᠭᠦᠰᠬᠦ ᠡᠴᠡ ᠰᠡᠷᠭᠡᠶᠢᠯᠡᠨ ᠴᠡᠷᠢᠭ ᠤᠨ ᠬᠢᠨ ᠬᠤᠷᠢᠭ᠎ᠠ ᠱᠤᠭᠤᠮ ᠲᠠᠲᠠᠵᠤ᠂ ᠠᠮᠤᠷ ᠲᠦᠪᠰᠢᠨ ᠤ ᠰᠡᠷᠭᠡᠶᠢᠯᠡᠯᠲᠡ ᠪᠠᠨ ᠴᠢᠩᠭ᠋ᠠᠳᠬᠠᠪᠠ᠃

    ᠲᠤᠬᠠᠢ ᠶᠢᠨ ᠤᠷᠤᠨ ᠨᠤᠲᠤᠭ ᠤᠨ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠢ ᠦᠨᠳᠦᠰᠦᠯᠡᠪᠡᠯ᠂ ᠡᠾᠸᠷᠢᠶᠠᠨᠧ ᠬᠤᠯᠪᠤᠭ᠎ᠠ ᠪᠠ ᠪᠦᠨᠵᠧᠪ ᠬᠤᠯᠪᠤᠭ᠎ᠠ ᠶᠢᠨ ᠵᠠᠰᠠᠭ ᠤᠨ ᠭᠠᠵᠠᠷ 27 ᠤ ᠡᠲᠦᠷ ᠡᠴᠡ ᠡᠬᠢᠯᠡᠨ 29 ᠤ ᠡᠲᠦᠷ ᠤᠨ 11᠄ 30 ᠴᠠᠭ ᠲᠤ ᠰᠢᠯᠵᠢᠮᠡᠯ ᠢᠨᠲ᠋ᠧᠷᠨᠧᠲ ᠤᠨ ᠦᠢᠯᠡᠴᠢᠯᠡᠭᠡ ᠶᠢ ᠬᠠᠭᠠᠬᠤ ᠪᠡᠷ ᠪᠤᠯᠪᠠ᠃

    8 ᠰᠠᠷ᠎ᠠ ᠶᠢᠨ 25 ᠤ ᠡᠳᠦᠷ᠂ ᠡᠨᠡᠳᠬᠡᠭ᠌ ᠤᠨ ᠪᠠᠷᠠᠭᠤᠨ ᠬᠤᠶᠢᠳᠤ ᠶᠢᠨ ᠪᠦᠰᠡ ᠨᠤᠳᠤᠭ ᠲᠤ ᠶᠡᠬᠡ ᠬᠡᠪᠴᠢᠶᠡᠨ ᠤ ᠰᠠᠮᠠᠭᠤᠷᠠᠯ ᠡᠬᠦᠰᠴᠤ᠂ ᠨᠢᠬᠡᠨᠳᠡ 36 ᠬᠦᠮᠦᠨ ᠤ ᠠᠮᠢᠨ ᠳᠤ ᠬᠦᠷᠴᠤ ᠵᠠᠭᠤ ᠭᠠᠷᠤᠢ ᠬᠦᠮᠦᠨ ᠰᠢᠷᠬᠠᠳᠤᠭᠰᠠᠨ ᠪᠠᠶᠢᠨ᠎ᠠ᠃ ᠰᠠᠮᠠᠭᠤᠷᠠᠯ ᠳᠤᠬᠠᠢ ᠶᠢᠨ ᠤᠷᠤᠨ ᠤ ᠨᠢᠬᠡᠨ ᠱᠠᠰᠢᠨ ᠤ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠡᠴᠡ ᠳᠤᠰ ᠵᠤᠬᠢᠶᠠᠨ ᠪᠠᠶᠢᠭᠤᠯᠤᠯᠳᠠ ᠶᠢᠨ ᠳᠦᠷᠦᠬᠦᠦ ᠨᠢ ᠬᠦᠴᠦᠷᠬᠡᠭ᠍ᠯᠡᠯ ᠤᠨ ᠶᠠᠯ᠎ᠠ ᠤᠨᠤᠭᠠᠭᠳᠠᠭᠰᠠᠨ ᠤᠴᠢᠷ ᠲᠤ ᠡᠰᠡᠷᠬᠦᠴᠡᠯ ᠳᠠᠯᠪᠢᠵᠤ ᠰᠠᠮᠠᠭᠤᠷᠠᠯ ᠡᠬᠦᠰᠬᠡᠭ᠍ᠰᠡᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120791121554751