ᠰᠤᠯᠤᠩᠭ᠋ᠤᠰ ᠤᠨ ᠬᠦᠭᠡᠷᠭᠡᠭ᠍ᠰᠡᠨ ᠵᠠᠯᠠᠭᠤᠷᠲᠤ ᠰᠤᠮᠤ ᠶᠠᠫᠤᠨ ᠤ ᠤᠭᠲᠠᠷᠭᠤᠢ ᠪᠡᠷ ᠦᠩᠭᠡᠷᠡᠭᠰᠡᠨ ᠭᠡᠵᠦ ᠲᠤᠬᠠᠢ ᠶᠢᠨ ᠤᠷᠤᠨ ᠤ ᠬᠡᠪᠯᠡᠯ ᠮᠡᠲᠡᠭᠡᠯᠡᠯ ᠤᠨ ᠬᠢᠨ ᠤᠨᠴᠠᠯᠠᠪᠠ 2017-08-29 10:27

    ᠰᠢᠨᠬᠤᠧᠠ ᠬᠤᠷᠢᠶ᠎ᠠ   ᠲᠤᠤᠺᠢᠤ᠋ ᠶᠢᠨ 8 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠺᠧ ᠵᠢᠶᠠ ) 29 ᠤ ᠡᠲᠦᠷ᠂ ᠰᠤᠯᠤᠩᠭ᠋ᠤᠰ ᠤᠨ ᠬᠦᠭᠡᠷᠭᠡᠭ᠍ᠰᠡᠨ ᠵᠠᠯᠠᠭᠤᠷᠲᠤ ᠰᠤᠮᠤ ᠶᠠᠫᠤᠨ ᠤ ᠤᠭᠲᠠᠷᠭᠤᠢ ᠪᠡᠷ ᠦᠩᠭᠡᠷᠡᠭᠰᠡᠨ ᠭᠡᠵᠦ ᠶᠠᠫᠤᠨ ᠤ ᠵᠠᠰᠠᠭ ᠤᠨ ᠭᠠᠵᠠᠷ ᠤᠨ ᠬᠢᠨ ᠤᠨᠴᠠᠯᠠᠪᠠ᠃

    ᠶᠠᠫᠤᠨ ᠤ ᠲᠤᠲᠤᠭᠠᠲᠤ ᠶᠠᠪᠤᠲᠠᠯ ᠤᠨ ᠶᠠᠮᠤᠨ ᠤ ᠰᠠᠶᠢᠳ ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠢᠶᠡᠷ ᠰᠤᠯᠤᠩᠭ᠋ᠤᠰ ᠤᠨ ᠬᠦᠭᠡᠷᠭᠡᠭ᠍ᠰᠡᠨ ᠵᠠᠯᠠᠭᠤᠷᠲᠤ ᠰᠤᠮᠤ ᠶᠠᠫᠤᠨ ᠤ ᠠᠶᠤᠯᠬᠦᠢ ᠶᠢᠨ ᠰᠡᠷᠬᠡᠶᠢᠯᠡᠯᠲᠡ ᠳ᠋ᠤ ᠤᠷᠢᠳ ᠡᠮᠦᠨ᠎ᠡ ᠭᠠᠷᠤᠭ᠎ᠠ ᠦᠭᠡᠢ ᠶᠡᠬᠡ ᠰᠦᠷᠲᠡᠬᠦᠯᠦᠯ ᠪᠤᠯᠵᠤ᠂ ᠰᠤᠯᠤᠩᠭ᠋ᠤᠰ ᠤᠨ ᠨᠢᠭᠡᠲᠦᠭᠰᠡᠨ ᠦᠨᠳᠦᠰᠦᠨ ᠤ ᠪᠠᠶᠢᠭᠤᠯᠭ᠎ᠠ ᠶᠢᠨ ᠠᠶᠤᠯᠬᠦᠢ ᠶᠢᠨ ᠰᠢᠢᠳᠪᠦᠷᠢ ᠶᠢ ᠵᠦᠷᠢᠴᠡᠭᠰᠡᠨ ᠠᠵᠢᠯᠯᠠᠭ᠎ᠠ ᠶᠢ ᠶᠠᠫᠤᠨ ᠤ ᠵᠠᠰᠠᠭ ᠤᠨ ᠭᠠᠵᠠᠷ ᠡᠰᠡᠷᠭᠦᠴᠡᠵᠦ ᠪᠠᠶᠢᠬᠤ ᠪᠠᠨ ᠢᠯᠡᠷᠬᠡᠶᠢᠯᠡᠬᠦ ᠶᠢᠨ ᠬᠠᠮᠲᠤ ᠠᠮᠧᠷᠢᠺᠠ᠂ ᠺᠤᠷᠢᠶᠠ ᠲᠠᠢ ᠬᠠᠮᠲᠤᠷᠠᠨ ᠬᠠᠮᠢᠶᠠᠲᠠᠢ ᠨᠢᠭᠤᠴᠠ ᠮᠡᠲᠡᠭᠡᠯᠡᠯ ᠡᠮᠬᠢᠳᠭᠡᠨ ᠴᠤᠭᠯᠠᠭᠤᠯᠬᠤ ᠠᠵᠢᠯ ᠢ ᠴᠢᠩᠭ᠋ᠠᠳᠬᠠᠨ᠎ᠠ ᠭᠡᠵᠡᠢ᠃

    ᠶᠠᠫᠤᠨ ᠤ ᠷᠠᠳᠢᠤ᠋ ᠨᠡᠶᠢᠭᠡᠮᠯᠢᠭ᠌ ᠤᠨ ᠲᠧᠯᠸᠢᠰ ᠬᠤᠷᠢᠶ᠎ᠠ ᠶᠢᠨ ᠮᠡᠲᠡᠭᠡᠯᠡᠭᠰᠡᠨ ᠢ ᠦᠨᠳᠦᠰᠦᠯᠡᠪᠡᠯ᠂ ᠶᠠᠫᠤᠨ ᠤ ᠲᠤᠬᠠᠢ ᠶᠢᠨ ᠤᠷᠤᠨ ᠤ ᠴᠠᠭ ᠢᠶᠡᠷ 5᠄ 58 ᠴᠠᠭ ᠲᠤ ᠰᠤᠯᠤᠩᠭ᠋ᠤᠰ ᠵᠠᠯᠠᠭᠤᠷᠲᠤ ᠰᠤᠮᠤ ᠬᠦᠭᠡᠷᠭᠡᠵᠦ᠂ 6᠄ 06 ᠴᠠᠭ ᠤᠨ ᠦᠶ᠎ᠠ ᠳ᠋ᠤ ᠶᠠᠫᠤᠨ ᠤ ᠬᠤᠺᠺᠠᠶᠢᠳ᠋ᠤᠤ᠋ ᠠᠷᠠᠯ ᠤᠨ ᠶᠧᠷᠢᠮᠤ᠋ ᠬᠤᠱᠤᠤ ᠶᠢᠨ ᠤᠭᠲᠠᠷᠭᠤᠢ ᠪᠡᠷ ᠦᠩᠭᠡᠷᠡᠭᠰᠡᠨ ᠭᠡᠵᠡᠢ᠃ ᠮᠡᠲᠡᠭᠡᠯᠡᠯ ᠳ᠋ᠤ ᠮᠦᠨ ᠶᠠᠫᠤᠨ ᠤ ᠲᠡᠷᠢᠬᠦᠨ ᠰᠠᠶᠢᠳ ᠤᠨ ᠠᠯᠪᠠᠨ ᠤ ᠬᠢᠮᠤᠷᠠᠯ ᠢ ᠬᠠᠮᠢᠶᠠᠷᠬᠤ ᠲᠦᠪ ᠤᠨ ᠬᠢᠨ ᠤ ᠦᠭᠡ ᠪᠡᠷ ᠡᠰᠢᠯᠡᠨ᠂ ᠡᠨᠡᠬᠦ ᠵᠠᠯᠠᠭᠤᠷᠲᠤ ᠰᠤᠮᠤ ᠶᠢ ᠬᠦᠭᠡᠷᠭᠡᠭ᠍ᠰᠡᠨ ᠤ ᠲᠠᠷᠠᠭ᠎ᠠ ᠭᠤᠷᠪᠠᠨ ᠬᠡᠰᠡᠭ ᠪᠤᠯᠵᠤ᠂ 6᠄ 12 ᠴᠠᠭ ᠤᠨ ᠦᠶ᠎ᠠ ᠪᠡᠷ ᠬᠤᠺᠺᠠᠶᠢᠳ᠋ᠤᠤ᠋ ᠠᠷᠠᠯ ᠤᠨ ᠶᠧᠷᠢᠮᠤ᠋ ᠬᠤᠱᠤᠤ ᠡᠴᠡ ᠵᠡᠬᠦᠨᠰᠢ 1180 ᠺᠢᠯᠤᠮᠧᠲ᠋ᠷ ᠵᠠᠶᠢᠲᠠᠢ ᠨᠤᠮᠤᠬᠠᠨ ᠲᠠᠯᠠᠢ ᠳ᠋ᠤ ᠤᠨᠠᠭᠰᠠᠨ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120791121561216