ᠬᠠᠷ᠎ᠠ ᠰᠠᠯᠬᠢ 《ᠬᠠᠷᠸᠠᠢ 》 ᠠᠮᠧᠷᠢᠺᠠ ᠳ᠋ᠤ ᠨᠤᠴᠢᠲᠠᠢ ᠬᠤᠬᠢᠷᠠᠯ ᠤᠴᠠᠷᠠᠭᠤᠯᠪᠠ 2017-08-30 17:12

    ᠬᠠᠯᠠᠭᠤᠨ ᠪᠦᠰᠡᠨ ᠤ ᠬᠠᠷ᠎ᠠ ᠰᠠᠯᠬᠢ 《ᠬᠠᠷᠸᠠᠢ 》 ᠶᠢᠨ ᠨᠦᠯᠦᠭᠡᠯᠡᠯ ᠢᠶᠡᠷ ᠠᠮᠧᠷᠢᠺᠠ ᠶᠢᠨ ᠲᠦᠷᠪᠡᠲᠦᠭᠡᠷ ᠲᠤᠮᠤ ᠬᠤᠲᠠ ᠡᠾᠢᠦ᠋ᠰᠲ᠋ᠤᠨ ᠪᠠ ᠤᠶᠢᠷ᠎ᠠ ᠬᠠᠪᠢ ᠶᠢᠨ ᠭᠠᠵᠠᠷ ᠲᠤ ᠰᠢᠷᠦᠬᠦᠨ ᠪᠤᠷᠤᠭᠠᠨ ᠤᠷᠤᠵᠤ᠂ ᠦᠶᠡᠷ ᠤᠰᠤᠲᠤᠯ ᠤᠨ ᠭᠠᠮᠰᠢᠭ ᠪᠤᠯᠪᠠ᠃ ᠬᠤᠷᠲᠤᠨ ᠤ ᠵᠠᠮ᠂ ᠢᠷᠭᠡᠳ ᠤᠨ ᠤᠷᠤᠨ ᠰᠠᠭᠤᠴᠠᠤᠰᠤᠨ ᠳ᠋ᠤ ᠠᠪᠲᠠᠨ᠂ ᠬᠡᠲᠦᠨ ᠮᠢᠩᠭ᠋ᠠᠨ ᠢᠷᠭᠡᠨ ᠭᠠᠮᠰᠢᠭ ᠲᠤ ᠤᠴᠠᠷᠠᠪᠠ᠃

    ᠬᠠᠷ᠎ᠠ ᠰᠠᠯᠬᠢ《ᠬᠠᠷᠧᠠᠢ》 ᠶᠢᠨ ᠲᠠᠭᠠᠷᠢᠨ ᠦᠩᠭᠡᠷᠡᠭᠰᠡᠨ ᠭᠠᠵᠠᠷ ᠨᠢ ᠠᠮᠧᠷᠢᠺᠠ ᠶᠢᠨ ᠡᠨᠧᠷᠬᠢ ᠶᠢᠨ ᠠᠵᠤ ᠦᠢᠯᠡᠰ ᠤᠨ ᠲᠦᠪ ᠪᠤᠯᠬᠤ ᠲᠧᠺᠰᠠᠰ ᠵᠧᠦ ᠶᠢᠨ ᠵᠡᠬᠦᠨ ᠡᠮᠦᠨᠡᠲᠦ ᠪᠦᠰᠡ ᠪᠠ ᠮᠧᠺᠰᠢᠺᠦ ᠪᠤᠯᠤᠩ ᠪᠠᠶᠢᠪᠠ᠃ ᠠᠮᠧᠷᠢᠺᠠ ᠶᠢᠨ ᠨᠢᠭᠡᠲᠦᠭᠰᠡᠨ ᠮᠡᠲᠡᠭᠡᠯᠡᠯ ᠤᠨ ᠬᠤᠷᠢᠶ᠎ᠠ ᠶᠢᠨ ᠮᠡᠲᠡᠭᠡᠯᠡᠭᠰᠡᠨ ᠢ ᠦᠨᠳᠦᠰᠦᠯᠡᠪᠡᠯ᠂ ᠬᠠᠷ᠎ᠠ ᠰᠠᠯᠬᠢ 《 ᠬᠠᠷᠧᠠᠢ》 ᠶᠢᠨ ᠨᠦᠯᠦᠭᠡᠯᠡᠯ ᠡᠴᠡ ᠪᠤᠯᠵᠤ 10 ᠲᠤᠰᠤ ᠪᠤᠯᠪᠠᠰᠤᠷᠠᠭᠤᠯᠬᠤ ᠦᠢᠯᠡᠳᠪᠦᠷᠢ ᠡᠭᠦᠲᠡ ᠪᠠᠨ ᠬᠠᠭᠠᠪᠠ᠃ ᠠᠮᠧᠷᠢᠺᠠ ᠶᠢᠨ ᠡᠲᠦᠷ ᠲᠤ ᠪᠤᠯᠪᠠᠰᠤᠷᠠᠭᠤᠯᠤᠭᠰᠠᠨ 180 ᠳ᠋ᠦᠩᠰᠢᠭᠤᠷ ᠲᠤᠰᠤᠨ ᠤ 30 ᠳ᠋ᠦᠩᠰᠢᠭᠤᠷ ᠲᠦᠩᠰᠠ ᠲᠤᠰᠤ ᠨᠢ ᠬᠠᠷ᠎ᠠ ᠰᠠᠯᠬᠢ 《ᠬᠠᠷᠸᠠᠢ 》 ᠳ᠋ᠤ ᠬᠡᠶᠢᠰᠦᠨ ᠠᠷᠢᠯᠤᠭᠰᠠᠨ ᠭᠡᠵᠡᠢ᠃

    ᠬᠠᠮᠢᠶ᠎ᠠ ᠲᠠᠢ ᠬᠦᠮᠦᠰ ᠤᠨ ᠦᠵᠡᠬᠦ ᠪᠡᠷ᠂ ᠢᠷᠡᠬᠦ ᠭᠠᠷᠠᠭ ᠡᠴᠡ ᠴᠢᠯᠠᠭᠤᠨ ᠲᠤᠰᠤᠨ ᠤ ᠦᠨ᠎ᠡ ᠦᠰᠴᠦ᠂ ᠡᠨᠡᠬᠦ ᠪᠠᠶᠢᠲᠠᠯ ᠨᠢ ᠬᠡᠰᠡᠭ ᠬᠤᠭᠤᠴᠠᠭ᠎ᠠ ᠦᠷᠬᠦᠯᠵᠢᠯᠡᠬᠦ ᠪᠤᠯᠤᠨ᠎ᠠ ᠭᠡᠵᠡᠢ᠃

    ᠲᠤᠶᠢᠮᠤᠴᠢᠳ ᠤᠨ ᠲᠤᠭᠠᠴᠠᠭᠠᠯᠠᠭᠰᠠᠨ ᠢᠶᠡᠷ᠂ ᠬᠠᠷ᠎ᠠ ᠰᠠᠯᠬᠢ《 ᠬᠠᠷᠧᠠᠢ》 ᠶᠢᠨ ᠨᠦᠯᠦᠭᠡᠯᠡᠯ ᠡᠴᠡ ᠠᠮᠧᠷᠢᠺᠠ ᠶᠢᠨ ᠡᠳ᠋ ᠤᠨ ᠵᠠᠰᠠᠭ ᠤᠨ ᠬᠤᠬᠢᠷᠠᠯ 400 ᠳ᠋ᠦᠩᠰᠢᠭᠤᠷ ᠳ᠋ᠤᠯᠯᠠᠷ ᠢ ᠲᠠᠪᠠᠭᠰᠠᠨ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
010070230030000000000000011120791121572271