蒙古文网站Logo
ᠰᠢᠨᠬᠤᠸᠠ ᠮᠤᠩᠭ᠋ᠤᠯ ᠨᠧᠲ

ᠢᠲ᠋ᠠᠯᠢ ᠡᠴᠡ 6000 ᠵᠢᠯ ᠤᠨ ᠡᠮᠦᠨᠡᠬᠢ ᠦᠵᠦᠮ ᠤᠨ ᠠᠷᠢᠬᠢ ᠤᠯᠳᠠᠪᠠ

2017-09-05 11:06

    ᠠᠮᠧᠷᠢᠺᠡ ᠶᠢᠨ ᠹᠯᠤᠷᠢᠳᠠ ᠶᠡᠬᠡ ᠰᠤᠷᠭᠠᠭᠤᠯᠢ ᠶᠢᠨ ᠨᠢᠬᠡᠨ ᠰᠤᠳᠤᠯᠭᠠᠨ ᠪᠠᠭ ᠤᠶᠢᠷ᠎ᠠ ᠶᠢᠨ ᠡᠳᠦᠷ ᠢᠲ᠋ᠠᠯᠢ ᠶᠢᠨ ᠰᠢᠰᠢᠯᠢ ᠠᠷᠠᠯ ᠤᠨ ᠡᠮᠦᠨ᠎ᠡ ᠬᠡᠰᠡᠭ ᠲᠡᠬᠢ ᠳᠠᠯᠠᠢ ᠶᠢᠨ ᠡᠷᠬᠢᠨ ᠤ ᠨᠦᠬᠡᠨ ᠡᠴᠡ ᠡᠷᠳᠡᠨ ᠤ ᠵᠡᠰ ᠢᠶᠡᠷ ᠬᠢᠭᠰᠡᠨ ᠠᠷᠢᠬᠢᠨ ᠰᠠᠪᠠ ᠤᠯᠪᠤᠷᠢᠯᠠᠭᠰᠠᠨ ᠳᠡᠳᠦᠢ ᠦᠬᠡᠢ ᠰᠠᠪᠠᠨ ᠡᠴᠡ ᠨᠠᠲ᠋ᠷᠢ ᠶᠢᠨ ᠳᠠᠪᠤᠰᠤ ᠪᠤᠯᠤᠨ ᠴᠢᠯᠠᠭᠤᠵᠢᠭᠰᠠᠨ ᠠᠷᠢᠬᠢᠨ ᠤ ᠬᠦᠴᠢᠯ ᠢ ᠢᠯᠡᠷᠡᠬᠦᠯᠦᠭᠰᠡᠨ ᠪᠠᠶᠢᠨ᠎ᠠ᠃ ᠡᠨᠡ ᠨᠢ ᠦᠵᠦᠮ ᠤᠨ ᠠᠷᠢᠬᠢ ᠨᠡᠷᠡᠬᠦ ᠳᠤ ᠬᠡᠷᠡᠭᠯᠡᠳᠡᠭ ᠵᠦᠢᠯ ᠪᠤᠯᠬᠤ ᠪᠠ ᠤᠳᠤ ᠡᠴᠡ 6000 ᠵᠢᠯ ᠤᠨ ᠡᠮᠦᠨᠡᠬᠢ ᠵᠦᠢᠯ ᠪᠤᠯᠬᠤ ᠶᠢ ᠳᠤᠳᠤᠯᠠᠵᠠᠢ᠃

    ᠠᠮᠧᠷᠢᠺᠡ ᠶᠢᠨ 《ᠪᠢᠴᠢᠯ ᠡᠯᠧᠮᠧᠨ᠋ᠲ ᠤᠨ ᠬᠢᠮᠢ》 ᠰᠡᠳᠬᠦᠯ ᠳᠡᠬᠡᠷ᠎ᠡ ᠨᠡᠶᠢᠳᠡᠯᠡᠭᠳᠡᠭᠰᠡᠨ ᠮᠡᠳᠡᠬᠡ ᠶᠢ ᠦᠨᠳᠦᠰᠦᠯᠡᠪᠡᠯ᠂ ᠤᠷᠢᠳᠤᠬᠢ ᠠᠷᠬᠢᠯᠤᠬᠢ ᠰᠤᠳᠤᠯᠤᠭᠠᠴᠢᠳ ᠢᠲ᠋ᠠᠯᠢ ᠶᠢᠨ ᠠᠷᠢᠬᠢ ᠨᠡᠷᠡᠭᠰᠡᠨ ᠳᠡᠤᠬᠡ ᠶᠢ ᠤᠳᠤ ᠡᠴᠡ 3000 ᠵᠢᠯ ᠤᠨ ᠡᠮᠦᠨ᠎ᠡ ᠡᠬᠦᠰᠦᠭᠰᠡᠨ ᠬᠡᠵᠤ ᠳᠤᠳᠤᠯᠠᠭᠰᠠᠨ ᠪᠠᠶᠢᠨ᠎ᠠ᠃ ᠡᠨᠡᠬᠦ ᠤᠳᠠᠭᠠᠨ ᠤ ᠢᠯᠡᠷᠡᠬᠦᠯᠦᠯᠳᠡ ᠪᠡᠷ ᠳᠠᠮᠵᠢᠨ ᠰᠤᠳᠤᠯᠭᠠᠳᠠᠳ ᠢᠲ᠋ᠠᠯᠢ ᠶᠢᠨ ᠠᠷᠢᠬᠢ ᠨᠡᠷᠡᠭᠰᠡᠨ ᠳᠡᠤᠬᠡ ᠳᠡᠬᠦᠨ ᠡᠴᠡ ᠪᠠᠰᠠ 3000 ᠵᠢᠯ ᠡᠷᠳᠡ ᠪᠠᠶᠢᠵᠤ ᠳᠠᠭᠠᠷᠠᠨ᠎ᠠ ᠬᠡᠮᠡᠬᠦ ᠮᠠᠭᠠᠳᠯᠠᠯ ᠦᠭᠴᠠᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121607586