蒙古文网站Logo
ᠰᠢᠨᠬᠤᠸᠠ ᠮᠤᠩᠭ᠋ᠤᠯ ᠨᠧᠲ

ᠮᠤᠩᠭᠤᠯ ᠤᠯᠤᠰ ᠤᠨ ᠤᠯᠤᠰ ᠤᠨ ᠶᠡᠬᠡ ᠬᠤᠷᠠᠯ ᠡᠴᠡ ᠡᠷᠳᠡᠨᠢᠪᠠᠳᠤ ᠶᠢᠨ ᠶᠡᠷᠦᠩᠬᠡᠢ ᠰᠠᠶᠢᠳ ᠤᠨ ᠠᠯᠪᠠᠨ ᠳᠤᠰᠢᠶᠠᠯ ᠢ ᠤᠭᠴᠤᠷᠠᠭᠤᠯᠪᠠ

2017-09-08 09:56

    ᠰᠢᠨᠬᠤᠧᠠ ᠬᠤᠷᠢᠶ᠎ᠠ   ᠤᠯᠠᠭᠠᠨᠪᠠᠭᠠᠳᠤᠷ ᠤᠨ 9 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠠᠰᠬᠠᠨ) ᠮᠤᠩᠭᠤᠯ ᠤᠯᠤᠰ ᠤᠨ ᠤᠯᠤᠰ ᠤᠨ ᠶᠡᠬᠡ ᠬᠤᠷᠠᠯ 7 ᠤ ᠡᠳᠦᠷ ᠰᠠᠨᠠᠯ ᠦᠭᠬᠦᠯᠳᠡ ᠶᠢᠨ ᠳ᠋ᠦᠩ ᠳᠤ ᠦᠨᠳᠦᠰᠦᠯᠡᠨ ᠶᠡᠷᠦᠩᠬᠡᠢ ᠰᠠᠶᠢᠳ ᠡᠷᠳᠡᠨᠢᠪᠠᠳᠤ ᠶᠢᠨ ᠠᠯᠪᠠᠨ ᠳᠤᠰᠢᠶᠠᠯ ᠢ ᠤᠭᠴᠤᠷᠠᠭᠤᠯᠵᠤ᠂ ᠳᠡᠬᠦᠨ ᠤ ᠵᠠᠰᠠᠭ ᠤᠨ ᠭᠠᠵᠠᠷ ᠤᠭᠴᠤᠷᠠᠭᠰᠠᠨ ᠢ ᠳᠤᠩᠬᠠᠭᠯᠠᠪᠠ᠃

    ᠮᠤᠩᠭᠤᠯ ᠤᠯᠤᠰ ᠤᠨ ᠤᠯᠤᠰ ᠤᠨ ᠶᠡᠬᠡ ᠬᠤᠷᠠᠯ ᠨᠢ ᠳᠤᠰ ᠡᠳᠦᠷ ᠬᠡᠪᠰᠢᠯ ᠤᠨ ᠪᠤᠰᠤ ᠪᠦᠬᠦᠳᠡ ᠬᠤᠷᠠᠯ ᠬᠤᠷᠠᠯᠳᠤᠭᠤᠯᠵᠤ᠂ ᠡᠷᠳᠡᠨᠢᠪᠠᠳᠤ ᠶᠢᠨ ᠶᠡᠷᠦᠩᠬᠡᠢ ᠰᠠᠶᠢᠳ ᠤᠨ ᠠᠯᠪᠠᠨ ᠳᠤᠰᠢᠶᠠᠯ ᠢ ᠤᠭᠴᠤᠷᠠᠭᠤᠯᠬᠤ ᠡᠰᠡᠬᠦ ᠳᠠᠯ᠎ᠠ ᠪᠡᠷ ᠰᠠᠨᠠᠯ ᠦᠭᠬᠦᠯᠳᠡ ᠬᠢᠭᠰᠡᠨ ᠳᠤ᠂ 42 ᠬᠡᠰᠢᠬᠦᠨ ᠵᠦᠪᠰᠢᠶᠡᠷᠡᠵᠤ᠂ 31 ᠬᠡᠰᠢᠬᠦᠨ ᠡᠰᠡ ᠵᠦᠪᠰᠢᠶᠡᠷᠡᠭᠰᠡᠨ ᠰᠠᠨᠠᠯ ᠦᠭᠴᠠᠢ᠃ ᠡᠶᠢᠨᠬᠦ ᠬᠤᠷᠠᠯ ᠡᠴᠡ ᠰᠢᠨ᠎ᠡ ᠵᠠᠰᠠᠭ ᠤᠨ ᠭᠠᠵᠠᠷ ᠪᠠᠶᠢᠭᠤᠯᠤᠭᠳᠠᠬᠤ ᠡᠴᠡ ᠡᠮᠦᠨ᠎ᠡ ᠡᠷᠳᠡᠨᠢᠪᠠᠳᠤ ᠶᠢᠨ ᠵᠠᠰᠠᠭ ᠤᠨ ᠭᠠᠵᠠᠷ ᠦᠷᠬᠦᠯᠵᠢᠯᠡᠨ ᠠᠵᠢᠯ ᠬᠡᠷᠡᠭ ᠬᠦᠢᠴᠡᠳᠬᠡᠵᠤ ᠪᠠᠶᠢᠬᠤ ᠪᠡᠷ ᠳᠤᠭᠳᠠᠭᠠᠪᠠ᠃

    8 ᠰᠠᠷ᠎ᠠ ᠶᠢᠨ 23 ᠤ ᠡᠳᠦᠷ᠂ ᠤᠯᠤᠰ ᠤᠨ ᠶᠡᠬᠡ ᠬᠤᠷᠠᠯ ᠤᠨ ᠠᠷᠠᠳ ᠤᠨ ᠨᠠᠮ ᠤᠨ 30 ᠬᠡᠰᠢᠬᠦᠨ ᠨᠡᠷ᠎ᠡ ᠬᠤᠯᠪᠤᠭᠠᠯᠠᠨ ᠡᠷᠳᠡᠨᠢᠪᠠᠳᠤ ᠶᠢᠨ ᠶᠡᠷᠦᠩᠬᠡᠢ ᠰᠠᠶᠢᠳ ᠤᠨ ᠠᠯᠪᠠᠨ ᠳᠤᠰᠢᠶᠠᠯ ᠢ ᠤᠭᠴᠤᠷᠠᠭᠤᠯᠬᠤ ᠳᠤᠬᠠᠢ ᠰᠠᠨᠠᠯ ᠳᠤᠷᠠᠳᠤᠭᠰᠠᠨ ᠶᠤᠮ᠃ ᠳᠡᠳᠡᠨᠡᠷ ᠰᠠᠨᠠᠯ ᠳ᠋ᠠᠭᠠᠨ᠂ ᠡᠷᠳᠡᠨᠢᠪᠠᠳᠤ ᠶᠢᠨ ᠵᠠᠰᠠᠭ ᠤᠨ ᠭᠠᠵᠠᠷ ᠡᠷᠬᠡ ᠶᠢᠨ ᠢᠶᠡᠨ ᠬᠡᠪᠴᠢᠶᠡᠨ ᠡᠴᠡ ᠳᠠᠪᠠᠭᠰᠠᠨ ᠡᠯ᠎ᠡ ᠳᠦᠷᠦᠯ ᠤᠨ ᠳᠤᠭᠳᠠᠭᠠᠯ ᠭᠠᠷᠭᠠᠵᠤ᠂ ᠤᠯᠤᠰ ᠤᠨ ᠬᠠᠤᠯᠢ ᠶᠢ ᠨᠤᠴᠢᠳᠠᠢ ᠵᠦᠷᠢᠴᠡᠭᠰᠡᠨ᠂ ᠳᠡᠷᠡᠴᠢᠯᠡᠨ ᠤᠯᠤᠰ ᠤᠨ ᠶᠡᠬᠡ ᠬᠤᠷᠠᠯ ᠤᠨ ᠡᠷᠬᠡ ᠳᠤ ᠬᠠᠯᠳᠠᠭᠰᠠᠨ ᠬᠡᠵᠡᠢ᠃ ᠰᠠᠨᠠᠯ ᠳᠤ ᠪᠠᠰᠠ᠂ ᠡᠨᠡ ᠵᠢᠯ ᠤᠨ ᠮᠤᠩᠭᠤᠯ ᠤᠯᠤᠰ ᠤᠨ ᠶᠡᠷᠦᠩᠬᠡᠶᠢᠯᠡᠭᠴᠢ ᠶᠢᠨ ᠰᠤᠩᠭᠤᠭᠤᠯᠢ ᠪᠡᠷ ᠢᠷᠬᠡᠳ ᠠᠷᠠᠳᠴᠢᠯᠠᠭᠰᠠᠨ ᠨᠠᠮ ᠡᠴᠡ ᠰᠤᠩᠭᠤᠭᠤᠯᠢ ᠳᠤ ᠨᠡᠷ᠎ᠡ ᠳᠡᠪᠰᠢᠭᠴᠢ ᠶᠢ ᠳᠡᠮᠵᠢᠬᠦ ᠬᠡᠯᠪᠡᠷᠢ ᠪᠡᠷ ᠵᠠᠰᠠᠭ ᠤᠨ ᠭᠠᠵᠠᠷ ᠤᠨ ᠠᠵᠢᠯ ᠤᠨ ᠳᠠᠯ᠎ᠠ ᠪᠡᠷ ᠬᠢ ᠳᠤᠷ᠎ᠠ ᠦᠬᠡᠶᠢᠴᠡᠯ ᠢᠶᠡᠨ ᠢᠯᠡᠷᠬᠡᠶᠢᠯᠡᠵᠤ ᠪᠠᠶᠢᠯ᠎ᠠ ᠬᠡᠵᠡᠢ᠃ ᠠᠷᠠᠳ ᠤᠨ ᠨᠠᠮ ᠨᠢ 2016 ᠤᠨ ᠤ ᠤᠯᠤᠰ ᠤᠨ ᠶᠡᠭᠡ ᠬᠤᠷᠠᠯ ᠤᠨ ᠰᠤᠩᠭᠤᠭᠤᠯᠢ ᠪᠡᠷ ᠳᠤᠷᠠᠳᠤᠭᠰᠠᠨ ᠦᠷᠢᠰᠦᠯᠳᠦᠬᠡᠨ ᠤ ᠬᠦᠳᠦᠯᠪᠦᠷᠢ ᠶᠢ ᠤᠳᠠᠭᠠᠰᠢᠷᠠᠭᠤᠯᠤᠭᠰᠠᠨ ᠶᠠᠪᠤᠳᠠᠯ ᠢᠷᠬᠡᠳ ᠤᠨ ᠳᠤᠷ᠎ᠠ ᠦᠬᠡᠶᠢᠴᠡᠯ ᠢ ᠬᠦᠷᠬᠡᠭᠰᠡᠨ ᠠᠵᠢ᠃

    ᠦᠩᠬᠡᠷᠡᠭᠰᠡᠨ ᠵᠢᠯ ᠤᠨ 6 ᠰᠠᠷ᠎ᠠ ᠶᠢᠨ 29 ᠳᠤ ᠪᠤᠯᠤᠭᠰᠠᠨ ᠮᠤᠩᠭᠤᠯ ᠤᠯᠤᠰ ᠤᠨ ᠤᠯᠤᠰ ᠤᠨ ᠶᠡᠬᠡ ᠬᠤᠷᠠᠯ ᠤᠨ ᠰᠤᠩᠭᠤᠭᠤᠯᠢ ᠪᠡᠷ᠂ ᠠᠷᠠᠳ ᠤᠨ ᠨᠠᠮ ᠨᠢ ᠵᠤᠩᠬᠢᠯᠠᠬᠤ ᠰᠢᠨᠵᠢᠳᠡᠢ ᠳᠠᠪᠠᠭᠤᠯᠢᠭ ᠢᠶᠡᠷ ᠤᠯᠤᠰ ᠤᠨ ᠬᠤᠷᠠᠯ ᠤᠨ 76 ᠬᠡᠰᠢᠬᠦᠨ ᠤ ᠰᠠᠭᠤᠳᠠᠯ ᠡᠴᠡ 65 ᠶᠢ ᠨᠢ ᠡᠵᠡᠯᠡᠭᠰᠡᠨ ᠶᠤᠮ᠃ ᠮᠦᠨ ᠦᠩᠬᠡᠷᠡᠭᠰᠡᠨ ᠵᠢᠯ ᠤᠨ 7 ᠰᠠᠷ᠎ᠠ ᠶᠢᠨ 8 ᠳᠤ᠂ ᠮᠤᠩᠭᠤᠯ ᠤᠯᠤᠰ ᠤᠨ ᠰᠢᠨ᠎ᠡ ᠨᠢᠬᠡ ᠡᠬᠡᠯᠵᠢ ᠶᠢᠨ ᠤᠯᠤᠰ ᠤᠨ ᠶᠡᠬᠡ ᠬᠤᠷᠠᠯ ᠰᠠᠨᠠᠯ ᠦᠭᠬᠦᠯᠳᠡ ᠪᠡᠷ ᠠᠷᠠᠳ ᠤᠨ ᠨᠠᠮ ᠡᠴᠡ ᠨᠡᠷ᠎ᠡ ᠳᠡᠪᠰᠢᠭᠰᠡᠨ ᠡᠷᠳᠡᠨᠢᠪᠠᠳᠤ ᠶᠢ ᠮᠤᠩᠭᠤᠯ ᠤᠯᠤᠰ ᠤᠨ ᠶᠡᠷᠦᠩᠬᠡᠢ ᠰᠠᠶᠢᠳ ᠤᠨ ᠳᠤᠰᠢᠶᠠᠯ ᠳᠤ ᠳᠤᠮᠢᠯᠠᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121628783