蒙古文网站Logo
ᠰᠢᠨᠬᠤᠸᠠ ᠮᠤᠩᠭ᠋ᠤᠯ ᠨᠧᠲ

ᠠᠮᠧᠷᠢᠺᠠ ᠶᠢᠨ ᠤᠯᠤᠰ ᠤᠨ ᠬᠤᠷᠠᠯ ᠡᠴᠡ ᠲᠸᠷᠠᠮᠫ ᠢ ᠴᠠᠭᠠᠨ ᠠᠷᠠᠰᠤᠲᠠᠨ ᠡᠷᠬᠢᠮ ᠲᠡᠭᠡᠳᠦ ᠦᠵᠡᠯ ᠢ ᠵᠢᠮᠡᠯᠡᠨ ᠪᠤᠷᠤᠭᠤᠰᠢᠶᠠᠬᠤ ᠬᠡᠷᠡᠭᠲᠡᠢ ᠭᠡᠵᠦ ᠱᠠᠭᠠᠷᠲᠠᠪᠠ

2017-09-13 16:30

    ᠰᠢᠨᠬᠤᠧᠠ ᠬᠤᠷᠢᠶ᠎ᠠ   ᠸᠠᠰᠢᠩᠲ᠋ᠤᠨ ᠤ 9 ᠰᠠᠷ᠎᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠰᠢᠦᠢ ᠵᠢᠶᠠᠨ ᠮᠧᠢ ) 9 ᠰᠠᠷ᠎ᠠ ᠶᠢᠨ 11 ᠤ ᠡᠲᠦᠷ ᠪᠠ 12 ᠤᠨ ᠡᠲᠦᠷ ᠠᠮᠧᠷᠢᠺᠠ ᠶᠢᠨ ᠤᠯᠤᠰ ᠤᠨ ᠬᠤᠷᠠᠯ ᠤᠨ ᠲᠡᠭᠡᠳᠦ ᠵᠦᠪᠯᠯᠡᠭᠡᠨ ᠪᠠ ᠲᠤᠤᠷᠠᠲᠤ ᠵᠦᠪᠯᠯᠡᠭᠡᠨ ᠰᠢᠢᠳᠪᠦᠷᠢ ᠪᠠᠲᠤᠯᠠᠵᠤ᠂ ᠶᠡᠷᠦᠩᠬᠡᠶᠢᠯᠡᠴᠢ ᠲᠧᠷᠠᠮᠫ ᠢ ᠠᠷᠠᠰᠤᠲᠠᠨ ᠤ ᠦᠵᠡᠯ᠂ ᠲᠦᠢᠯᠰᠢᠷᠠᠬᠤ ᠦᠵᠡᠯ ᠪᠠ ᠴᠠᠭᠠᠨ ᠠᠷᠠᠰᠤᠲᠠᠨ ᠡᠷᠬᠢᠮ ᠲᠡᠭᠡᠲᠦ ᠦᠵᠡᠯ ᠢ ᠲᠡᠮᠵᠢᠬᠦ ᠪᠠᠭ ᠢ ᠵᠢᠮᠡᠯᠡᠨ ᠪᠤᠷᠤᠭᠤᠰᠢᠶᠠᠬᠤ ᠬᠡᠷᠡᠭᠲᠡᠢ ᠭᠡᠵᠦ ᠱᠠᠭᠠᠷᠲᠠᠪᠠ᠃

    ᠡᠨᠡᠬᠦ ᠰᠢᠢᠳᠪᠦᠷᠢ ᠶᠢ ᠸᠸᠷᠭᠢᠨᠢᠶ᠎ᠠ ᠵᠧᠦ ᠶᠢᠨ ᠠᠷᠠᠳᠴᠢᠯᠠᠭᠰᠠᠨ ᠨᠠᠮ ᠪᠠ ᠪᠦᠭᠦᠲᠠ ᠨᠠᠶᠢᠷᠠᠮᠲᠠᠬᠤ ᠨᠠᠮ ᠤᠨ ᠤᠯᠤᠰ ᠤᠨ ᠬᠤᠷᠠᠯ ᠤᠨ ᠭᠡᠰᠢᠬᠦᠳ ᠬᠠᠮᠲᠤᠷᠠᠨ ᠨᠤᠤᠷᠠᠭᠯᠠᠵᠤ᠂ ᠲᠡᠭᠡᠲᠦ ᠲᠤᠤᠷᠠᠲᠤ ᠵᠦᠪᠯᠯᠡᠭᠡᠨ ᠤ ᠵᠦᠪᠰᠢᠶᠡᠷᠡᠯ ᠲᠠᠢ ᠪᠡᠷ ᠤᠲᠤᠬᠠᠨ ᠳ᠋ᠤ ᠴᠠᠭᠠᠨ ᠤᠷᠲᠤᠨ ᠳ᠋ᠤ ᠬᠦᠷᠭᠡᠨ ᠲᠧᠷᠠᠮᠫ ᠤᠨ ᠭᠠᠷ ᠤᠨ ᠦᠰᠦᠭ ᠵᠢᠷᠤᠬᠤ ᠶᠢ ᠬᠦᠯᠢᠶᠡᠵᠦ ᠪᠠᠶᠢᠨ᠎ᠠ᠃

    ᠰᠢᠢᠳᠪᠦᠷᠢ ᠨᠢ ᠲᠷᠠᠮᠫ ᠢ ᠶᠡᠷᠦᠩᠬᠡᠶᠢᠯᠡᠭᠴᠢ ᠪᠠ ᠶᠡᠷᠦᠩᠬᠡᠶᠢᠯᠡᠭᠴᠢ ᠶᠢᠨ ᠲᠤᠲᠤᠭᠠᠲᠤ ᠶᠠᠪᠤᠲᠠᠯ ᠤᠨ ᠡᠬᠢ ᠪᠠᠶᠠᠯᠢᠭ ᠢᠶᠡᠨ ᠬᠦᠢᠴᠡᠳ ᠠᠰᠢᠬᠯᠠᠵᠤ᠂ ᠡᠲᠡᠭᠡᠷ ᠪᠦᠯᠬᠦᠮ ᠤᠨ ᠠᠮᠧᠷᠢᠺᠠ ᠳᠤ ᠬᠦᠴᠦᠨ ᠤ ᠦᠷᠭᠡᠳᠭᠡᠯ ᠬᠢᠬᠦ ᠡᠴᠡ ᠰᠡᠷᠭᠡᠶᠢᠯᠡᠬᠦ ᠬᠡᠷᠡᠭᠲᠡᠢ ᠭᠡᠵᠡᠢ᠃

    ᠡᠨᠡ ᠤᠨ ᠤ 8 ᠰᠠᠷ᠎ᠠ ᠶᠢᠨ 12 ᠤᠨ ᠡᠲᠦᠷ᠂ ᠴᠠᠭᠠᠨ ᠠᠷᠠᠰᠤᠲᠠᠨ ᠡᠷᠬᠢᠮ ᠲᠡᠭᠡᠳᠦ ᠦᠵᠡᠯ ᠢ ᠲᠡᠮᠵᠢᠭᠴᠢᠳ ᠸᠸᠷᠭᠢᠨᠢᠶ᠎ᠠ ᠵᠧᠦ ᠶᠢᠨ ᠱᠠᠷᠯᠤᠼᠧᠢᠯ ᠳ᠋ᠤ ᠴᠤᠭᠯᠠᠷᠠᠨ᠂ ᠡᠰᠡᠷᠭᠦᠴᠡᠭᠴᠢᠳ ᠲᠠᠢ ᠮᠦᠷᠬᠦᠯᠲᠦᠭᠡᠨ ᠡᠭᠦᠰᠪᠡ᠃ ᠲᠤᠬᠠᠢ ᠶᠢᠨ ᠮᠦᠷᠬᠦᠯᠲᠦᠭᠡᠨ ᠤ ᠲᠠᠯᠠᠪᠤᠷ ᠲᠤ ᠨᠠᠼᠢᠰ ᠵᠡᠷᠭᠡ ᠨᠠᠮ ᠪᠦᠯᠦᠭᠲᠡᠨ ᠤ ᠲᠡᠮᠲᠡᠭ ᠢᠯᠡᠷᠡᠵᠦ᠂ ᠡᠰᠡᠷᠭᠦᠴᠡᠭᠴᠢᠳ ᠪᠠᠷᠠᠭᠤᠨᠲᠠᠨ ᠪᠠ ᠢᠪᠷᠠᠢ ᠶᠢ ᠡᠰᠡᠷᠬᠦᠴᠡᠬᠦ ᠤᠷᠢᠶ᠎ᠠ ᠬᠠᠰᠭᠢᠷᠪᠠ᠃ ᠮᠦᠨ ᠲᠤᠬᠠᠢ ᠶᠢᠨ ᠡᠲᠦᠷ ᠤᠨ ᠦᠲᠡ ᠡᠴᠡ ᠬᠤᠶᠢᠰᠢ 20 ᠨᠠᠰᠤᠲᠠᠢ ᠵᠠᠯᠠᠭᠤ ᠵᠠᠮᠧᠰ ᠪᠠᠷᠠᠭᠤᠨᠲᠠᠨ ᠤ ᠪᠦᠯᠦᠭᠲᠡᠨ ᠢ ᠮᠠᠰᠢᠨ ᠢᠶᠡᠷ ᠲᠠᠭᠠᠷᠢᠭᠠᠳ ᠤᠯᠠᠨ ᠬᠦᠮᠦᠨ ᠡᠨᠳᠡᠵᠦ ᠰᠢᠷᠬᠠᠲᠤᠭᠰᠠᠨ ᠬᠠᠷᠠᠰᠠᠯᠲᠤ ᠬᠡᠷᠡᠭ ᠭᠠᠷᠪᠠ᠃

    ᠰᠢᠢᠳᠪᠦᠷᠢ ᠶᠢᠨ ᠦᠵᠡᠬᠦ ᠪᠡᠷ᠂ ᠲᠤᠰ ᠬᠡᠷᠡᠭ ᠨᠢ ᠤᠷᠤᠨ ᠨᠤᠲᠤᠭ ᠤᠨ ᠴᠢᠨᠠᠷᠲᠠᠢ ᠰᠦᠷᠲᠡᠬᠦᠯᠦᠨ ᠲᠠᠭᠠᠷᠢᠬᠰᠠᠨ ᠬᠡᠷᠡᠭ ᠪᠤᠯᠤᠨ᠎ᠠ ᠭᠡᠵᠡᠢ᠃ ᠠᠮᠧᠷᠢᠺᠠ ᠶᠢᠨ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠢᠶᠡᠷ᠂ ᠬᠤᠶᠠᠷ ᠨᠠᠮ ᠤᠨ ᠤᠯᠤᠰ ᠤᠨ ᠬᠤᠷᠠᠯ ᠤᠨ ᠭᠡᠰᠢᠬᠦᠳ ᠡᠴᠡ ᠲᠤᠰ ᠰᠢᠢᠳᠪᠦᠷᠢ ᠶᠢ ᠪᠠᠲᠤᠯᠠᠵᠤ ᠪᠠᠶᠢᠬᠤ ᠨᠢ ᠲᠸᠷᠠᠮᠫ ᠤᠨ ᠠᠷᠠᠰᠤᠲᠠᠨ ᠤ ᠦᠵᠡᠯ ᠪᠠ ᠲᠤᠶᠢᠯᠰᠢᠷᠠᠬᠤ ᠦᠵᠡᠯ ᠢ ᠨᠡᠩ ᠴᠢᠩᠭ᠋᠎ᠠ ᠬᠦᠴᠦᠲᠡᠢ ᠵᠢᠮᠠᠯᠠᠨ ᠪᠤᠷᠤᠭᠤᠰᠢᠶᠠᠬᠤ ᠳ᠋ᠤ ᠬᠦᠴᠦᠲᠡᠢ ᠲᠡᠮᠵᠢᠯᠭᠡ ᠦᠵᠡᠬᠦᠯᠬᠦ ᠪᠤᠯᠤᠨ᠎ᠠ ᠭᠡᠵᠡᠢ᠃ 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121657985