ᠯᠤᠨᠲᠤᠨ ᠤ ᠮᠸᠲ᠋ᠷᠤ᠋ ᠶᠢᠨ ᠲᠡᠯᠪᠡᠷᠡᠯᠲᠡ ᠶᠢᠨ ᠲᠠᠷᠠᠭ᠎ᠠ ᠠᠩᠭ᠍ᠯᠢ ᠰᠦᠷᠲᠡᠬᠦᠯᠦᠯ ᠤᠨ ᠵᠡᠷᠭᠡᠯᠡᠯ ᠢᠶᠡᠨ ᠬᠠᠮᠤᠭ ᠤᠨ ᠦᠨᠳᠦᠷ ᠲᠡᠰ ᠤᠨ ᠪᠤᠯᠭᠠᠪᠠ 2017-09-18 15:44

    9 ᠰᠠᠷ᠎ᠠ ᠶᠢᠨ 15 ᠤ ᠦᠷᠯᠦᠭᠡ᠂ ᠠᠩᠭ᠍ᠯᠢ ᠶᠢᠨ ᠨᠡᠶᠢᠰᠯᠡᠯ ᠯᠤᠨᠲᠤᠨ ᠤ ᠪᠠᠷᠠᠭᠤᠨ ᠪᠦᠰᠡ ᠶᠢᠨ ᠨᠢᠭᠡ ᠮᠧᠲ᠋ᠷᠣ᠋ ᠦᠷᠲᠡᠭᠡᠨ ᠳ᠋ᠤ ᠲᠡᠯᠪᠡᠷᠡᠯᠲᠡ ᠡᠭᠦᠰᠴᠦ 29 ᠬᠦᠮᠦᠨ ᠰᠢᠷᠬᠠᠲᠤᠪᠠ᠃ ᠴᠠᠭᠲᠠᠭᠠᠨ ᠤ ᠬᠢᠨ ᠲᠤᠰ ᠤᠲᠠᠭᠠᠨ ᠤ ᠬᠡᠷᠡᠭ ᠢ ᠰᠦᠷᠲᠡᠬᠦᠯᠦᠯ ᠤᠨ ᠲᠠᠭᠠᠷᠢᠯᠲᠠ ᠭᠡᠵᠦ ᠤᠲᠤᠬᠠᠨ ᠳ᠋ᠤ ᠬᠡᠷᠡᠭ ᠤᠨ ᠰᠡᠵᠢᠭᠲᠡᠨ ᠢ ᠪᠠᠷᠢᠪᠴᠢᠯᠠᠬᠤ ᠪᠡᠷ ᠨᠡᠭᠡᠮᠵᠢᠯᠡᠵᠦ ᠪᠠᠶᠢᠨ᠎ᠠ᠃

    15 ᠤ ᠤᠷᠤᠢ ᠠᠩᠭ᠍ᠯᠢ ᠶᠢᠨ ᠲᠡᠷᠢᠬᠦᠨ ᠰᠠᠶᠢᠳ ᠲᠧᠯᠸᠱᠠ ᠠᠩᠭ᠍ᠯᠢ ᠶᠢᠨ ᠰᠦᠷᠲᠡᠬᠦᠯᠦᠯ ᠤᠨ ᠵᠡᠷᠭᠡᠯᠡᠯ ᠢ ᠬᠠᠮᠤᠭ ᠤᠨ ᠦᠨᠳᠦᠷ ᠲᠡᠰ ᠪᠤᠯᠭᠠᠵᠤ 《 ᠠᠶᠤᠯ ᠲᠠᠢ》 ᠪᠠᠶᠢᠲᠠᠯ ᠳ᠋ᠤ ᠤᠷᠤᠭᠰᠠᠨ ᠭᠡᠵᠦ ᠲᠤᠩᠬᠠᠭᠯᠠᠪᠠ᠃ ᠡᠨᠡ ᠨᠢ ᠠᠩᠭ᠍ᠯᠢ ᠳ᠋ᠤ ᠲᠠᠬᠢᠨ ᠰᠦᠷᠲᠡᠬᠦᠯᠦᠯ ᠤᠨ ᠲᠠᠭᠠᠷᠢᠯᠲᠠ ᠡᠭᠦᠰᠴᠦ ᠮᠡᠲᠡᠬᠦ ᠶᠢ ᠢᠯᠡᠷᠬᠡᠶᠢᠯᠡᠵᠦ ᠪᠠᠶᠢᠭ᠎ᠠ ᠶᠠᠪᠤᠲᠠᠯ ᠪᠤᠯᠤᠨ᠎ᠠ᠃

    ᠲᠤᠰ ᠤᠲᠠᠭᠠᠨ ᠤ ᠰᠦᠷᠲᠡᠬᠦᠯᠦᠯ ᠤᠨ ᠲᠠᠭᠠᠷᠢᠯᠲᠠ ᠶᠢᠨ ᠬᠡᠷᠡᠭ ᠨᠢ ᠡᠨᠡ ᠤᠨ ᠳ᠋ᠤ ᠠᠩᠭ᠍ᠯᠢ ᠳ᠋ᠤ ᠡᠭᠦᠰᠴᠦ ᠪᠦᠬᠦᠢ ᠲᠠᠪᠤᠲᠡᠬᠢ ᠤᠲᠠᠭᠠᠨ ᠤ ᠤᠨᠴᠠ ᠲᠤᠮᠤ ᠰᠦᠷᠲᠡᠬᠦᠯᠦᠯ ᠤᠨ ᠲᠠᠭᠠᠷᠢᠯᠲᠠ ᠶᠢᠨ ᠬᠡᠷᠡᠭ ᠪᠤᠯᠤᠨ᠎ᠠ᠃

    ᠮᠦᠨ ᠲᠤᠰ ᠡᠲᠦᠷ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ《 ᠢᠰᠯᠠᠮ ᠤᠨ ᠤᠯᠤᠰ》 ᠤᠨ ᠨᠢᠭᠡ ᠰᠠᠯᠪᠤᠷᠢ ᠲᠤᠰ ᠬᠡᠷᠡᠭ ᠢ ᠦᠢᠯᠡᠲᠦᠭᠰᠡᠨ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
010070230030000000000000011120791121682671