蒙古文网站Logo
ᠰᠢᠨᠬᠤᠸᠠ ᠮᠤᠩᠭ᠋ᠤᠯ ᠨᠧᠲ

〔 ᠲᠤᠰᠬᠠᠢ ᠰᠤᠷᠪᠤᠯᠵᠢᠯᠠᠭ᠎ᠠ 〕 《 ᠨᠢᠭᠡ ᠪᠦᠰᠡ ᠨᠢᠭᠡ ᠵᠠᠮ 》ᠨᠡᠶᠢᠭᠡᠮ ᠡᠳ᠋ ᠤᠨ ᠵᠠᠰᠠᠭ ᠤᠨ ᠬᠦᠭ᠍ᠵᠢᠯᠲᠠ ᠶᠢ ᠬᠦᠲᠦᠯᠦᠨ ᠲᠠᠶᠢᠴᠢᠯᠠᠨ᠎ᠠ ᠎- ᠤᠷᠤᠰ ᠤᠨ ᠬᠤᠯᠪᠤᠭᠠᠨ ᠤ ᠪᠤᠷᠢᠶᠠᠳ ᠪᠦᠬᠦᠲᠡ ᠨᠠᠶᠢᠷᠠᠮᠲᠠᠬᠤ ᠤᠯᠤᠰ ᠤᠨ ᠵᠠᠰᠠᠭ ᠨᠤᠶᠠᠨ ᠴᠢᠵᠢᠶᠧᠨᠤᠹ ᠢ ᠰᠤᠷᠪᠤᠯᠵᠢᠯᠠᠪᠠ

2017-09-18 15:57

    ᠤᠷᠤᠰ ᠤᠨ ᠬᠤᠯᠪᠤᠭᠠᠨ ᠤ ᠪᠦᠭᠦᠲᠡ ᠨᠠᠶᠢᠷᠠᠮᠲᠠᠬᠤ ᠪᠤᠷᠢᠶᠠᠳ ᠤᠯᠤᠰ ᠤᠨ ᠵᠠᠰᠠᠭ ᠨᠤᠶᠠᠨ ᠴᠢᠵᠢᠶᠧᠨᠤᠹ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠶᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠦᠶ᠎ᠠ ᠪᠡᠷ《 ᠪᠤᠷᠢᠶᠠᠳ〈 ᠨᠢᠭᠡ ᠪᠦᠰᠡ ᠨᠢᠭᠡ ᠵᠠᠮ〉 ᠤᠨ ᠬᠡᠪᠴᠢᠶᠠᠨ ᠳ᠋ᠤ ᠲᠤᠮᠲᠠᠲᠤ ᠤᠯᠤᠰ ᠯᠤᠭ᠎ᠠ ᠶᠢᠨ ᠬᠠᠮᠲᠤᠷᠠᠯᠴᠠᠭ᠎ᠠ ᠠᠭᠤᠵᠢᠮ ᠰᠠᠷᠠᠭᠤᠯ᠂ ᠨᠢᠭᠡ ᠪᠦᠰᠡ ᠨᠢᠭᠡ ᠵᠠᠮ ᠤᠨ ᠪᠠᠶᠢᠭᠤᠯᠤᠯᠲᠠ ᠨᠢ ᠪᠤᠷᠢᠶᠠᠳ ᠤᠨ ᠵᠠᠮ ᠲᠡᠭᠡᠭᠡᠪᠦᠷᠢ᠂ ᠠᠶᠠᠯᠠᠯ ᠵᠢᠭᠤᠯᠴᠢᠯᠠᠯ ᠵᠡᠷᠭᠡ  ᠨᠡᠶᠢᠭᠡᠮ ᠡᠳ᠋ ᠤᠨ ᠵᠠᠰᠠᠭ ᠤᠨ ᠡᠯ᠎ᠡ ᠰᠠᠯᠪᠤᠷᠢ ᠶᠢᠨ ᠬᠦᠭ᠍ᠵᠢᠯᠲᠠ ᠶᠢ ᠬᠦᠲᠦᠯᠦᠨ ᠲᠠᠶᠢᠴᠢᠯᠠᠬᠤ ᠪᠤᠯᠤᠨ᠎ᠠ》 ᠭᠡᠵᠡᠢ᠃

    ᠴᠢᠵᠢᠶᠧᠨᠤᠹ ᠢᠯᠡᠷᠬᠡᠶᠢᠯᠡᠭᠰᠡᠨ ᠨᠢ᠂ ᠪᠤᠷᠢᠶᠠᠳ《 ᠨᠢᠭᠡ ᠪᠦᠰᠡ ᠨᠢᠭᠡ ᠵᠠᠮ》 ᠪᠠ ᠡᠸᠦ᠋ᠷᠦᠫᠠ ᠠᠽᠢᠶ᠎ᠠ ᠶᠢᠨ ᠡᠳ᠋ ᠤᠨ ᠵᠠᠰᠭ ᠤᠨ ᠬᠤᠯᠪᠤᠭᠠᠯᠠᠯ ᠤᠨ ᠪᠠᠶᠢᠭᠤᠯᠤᠯᠲᠠ ᠶᠢᠨ ᠠᠵᠢᠯ ᠳ᠋ᠤ ᠰᠢᠭᠤᠳ ᠤᠷᠤᠯᠴᠠᠵᠤ ᠪᠤᠯᠲᠠᠭ᠃ ᠤᠲᠤᠬᠠᠨ ᠳ᠋ᠤ ᠲᠤᠮᠲᠠᠲᠤ ᠤᠷᠤᠰ ᠮᠤᠩᠭ᠋ᠤᠯ ᠭᠤᠷᠪᠠᠨ ᠤᠯᠤᠰ 《 ᠠᠽᠢᠶ᠎ᠠ ᠲᠢᠪ ᠲᠠᠭᠠᠤ ᠶᠢᠨ ᠵᠠᠰᠠᠮᠠᠯ ᠵᠠᠮ ᠤᠨ ᠲᠤᠤᠷ ᠤᠨ ᠤᠯᠠᠨ ᠤᠯᠤᠰ ᠤᠨ ᠵᠠᠮ ᠲᠡᠭᠡᠭᠡᠪᠦᠷᠢ ᠶᠢᠨ ᠵᠠᠰᠠᠭ ᠤᠨ ᠤᠷᠲᠤᠨ ᠤ ᠬᠤᠭᠤᠷᠤᠨᠲᠤᠬᠢ ᠬᠡᠯᠡᠯᠴᠡᠭᠡᠷ》 ᠲᠤ ᠭᠠᠷ ᠤᠨ ᠦᠰᠦᠭ ᠵᠢᠷᠤᠵᠤ᠂ ᠲᠤᠮᠲᠠᠲᠤ ᠤᠯᠤᠰ ᠤᠨ ᠪᠠᠷᠠᠭᠠᠨ ᠤ ᠲᠡᠷᠭᠡ ᠮᠤᠩᠭ᠋ᠤᠯ ᠤᠯᠤᠰ ᠢᠶᠡᠷ ᠲᠠᠮᠵᠢᠨ ᠪᠤᠷᠢᠶᠠᠳ ᠪᠦᠭᠦᠲᠡ ᠨᠠᠶᠢᠷᠠᠮᠲᠠᠬᠤ ᠤᠯᠤᠰ ᠤᠨ ᠲᠦᠪ ᠤᠯᠠᠭᠠᠨ ᠦᠲᠡ ᠳ᠋ᠤ ᠬᠦᠷᠴᠦ᠂ ᠲᠠᠬᠢᠨ ᠤᠷᠤᠰ ᠤᠨ ᠲᠠᠯ᠎ᠠ ᠶᠢᠨ ᠲᠡᠷᠭᠡ ᠪᠡᠷ ᠵᠦᠭᠡᠭᠡᠪᠦᠷᠢᠯᠡᠬᠦ ᠪᠤᠯᠤᠨ᠎ᠠ᠃ ᠡᠨᠡ ᠨᠢ ᠲᠤᠮᠲᠠᠲᠤ ᠤᠷᠤᠰ ᠮᠤᠩᠭ᠋ᠤᠯ ᠭᠤᠷᠪᠠᠨ ᠤᠯᠤᠰ ᠤᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠬᠦᠭ᠍ᠵᠢᠯᠲᠠ ᠳ᠋ᠤ ᠰᠠᠶᠢᠨ ᠰᠠᠭᠤᠷᠢ ᠶᠢ ᠲᠠᠯᠪᠢᠵᠤ ᠦᠭ᠍ᠪᠡ᠃ ᠲᠤᠮᠲᠠᠲᠤ ᠤᠯᠤᠰ ᠤᠨ ᠵᠠᠷᠢᠮ ᠬᠦᠷᠦᠩᠭᠡ ᠤᠷᠤᠭᠤᠯᠤᠭᠴᠢᠳ ᠪᠤᠷᠢᠶᠠᠳ ᠲᠤ ᠲᠤᠮᠤ ᠬᠡᠪᠴᠢᠶᠠᠨ ᠤ ᠪᠠᠷᠠᠭᠠᠨ ᠤ ᠭᠦᠢᠯᠭᠡᠭᠡᠨ ᠤ ᠲᠦᠪ ᠪᠠᠶᠢᠭᠤᠯᠬᠤ ᠲᠤᠬᠠᠢ ᠰᠤᠨᠢᠷᠬᠠᠯ ᠲᠠᠢ ᠪᠠᠶᠢᠨ᠎ᠠ᠃

    9 ᠰᠠᠷ᠎᠎ᠠ ᠶᠢᠨ 14 ᠤ ᠡᠲᠦᠷ ᠵᠢᠷᠤᠭᠯᠠᠭᠰᠠᠨ ᠤᠷᠤᠰ ᠤᠨ ᠪᠤᠷᠢᠶᠠᠳ ᠪᠦᠬᠦᠲᠡ ᠨᠠᠶᠢᠷᠠᠮᠲᠠᠬᠤ ᠤᠯᠤᠰ ᠤᠨ ᠤᠯᠠᠭᠠᠨ ᠦᠲᠡ ᠶᠢᠨ ᠵᠡᠭᠡᠯᠢ ᠶᠢᠨ ᠵᠢᠷᠤᠭ ᠪᠤᠯᠤᠨ᠎ᠠ

    ᠰᠡᠬᠦᠯ ᠤᠨ ᠵᠢᠯ ᠡᠴᠡ ᠨᠠᠰᠢ᠂ ᠲᠤᠮᠲᠠᠲᠤ ᠤᠯᠤᠰ ᠡᠴᠡ ᠤᠷᠤᠰ ᠤᠷᠤᠭᠤ ᠵᠢᠭᠤᠯᠴᠢᠯᠠᠬᠤ ᠬᠦᠮᠦᠰ ᠤᠯᠠᠨ ᠪᠤᠯᠵᠤ ᠪᠠᠶᠢᠨ᠎ᠠ᠃ ᠪᠤᠷᠢᠶᠠᠳ ᠵᠢᠭᠤᠯᠴᠢᠯᠠᠯ ᠤᠨ ᠡᠬᠢ ᠪᠠᠶᠠᠯᠢᠭ ᠡᠯᠪᠡᠭ᠌ ᠪᠠᠶᠢᠭᠠᠯ ᠨᠠᠭᠤᠷ ᠶᠢᠡᠷ ᠢᠶᠡᠨ ᠠᠶᠠᠯᠠᠯ ᠵᠢᠭᠤᠯᠴᠢᠯᠠᠯ ᠤᠨ ᠦᠢᠯᠡᠰ ᠢ ᠲᠡᠷᠢᠬᠦᠨ ᠳ᠋ᠤ ᠬᠦᠭ᠍ᠵᠢᠬᠦᠯᠬᠦ ᠪᠡᠷ ᠪᠤᠯᠪᠠ᠃

    ᠲᠡᠷᠡᠪᠡᠷ ᠬᠡᠯᠡᠬᠦ ᠳ᠋ᠡᠭᠡᠨ᠂ ᠡᠨᠡ ᠤᠨ ᠳ᠋ᠤ ᠪᠤᠷᠢᠶᠠᠳ ᠲᠤ ᠠᠶᠢᠯᠴᠢᠯᠠᠬᠤ ᠪᠡᠷ ᠬᠦᠷᠦᠭᠰᠡᠨ ᠲᠤᠮᠲᠠᠲᠤ ᠤᠯᠤᠰ ᠤᠨ ᠵᠢᠭᠤᠯᠴᠢᠯᠠᠭᠴᠢᠳ ᠤᠨ ᠲᠤᠭ᠎ᠠ ᠮᠡᠲᠡᠭᠲᠡᠮ᠎ᠡ ᠲᠡᠭᠡᠭ᠍ᠰᠢᠯᠡᠵᠦ ᠪᠠᠶᠢᠭ᠎ᠠ ᠴᠤ ᠤᠶᠢᠷ᠎ᠠ ᠬᠠᠵᠠᠭᠤ ᠶᠢᠨ ᠤᠷᠤᠨ ᠲᠠᠢ ᠠᠲᠠᠯᠢᠳᠬᠠᠪᠠᠯ ᠲᠠᠮᠠᠢ ᠠᠷᠪᠢᠨ ᠪᠢᠰᠢ᠃ ᠨᠡᠩ ᠤᠯᠠᠨ ᠲᠤᠮᠲᠠᠲᠤ ᠤᠯᠤᠰ ᠤᠨ ᠵᠢᠭᠤᠯᠴᠢᠯᠠᠭᠴᠢᠳ ᠢ ᠲᠠᠲᠠᠨ ᠠᠪᠴᠢᠷᠠᠬᠤ ᠪᠡᠷ ᠪᠤᠷᠢᠶᠠᠳ ᠴᠢᠨᠠᠷ ᠰᠠᠶᠢᠲᠠᠢ ᠦᠢᠯᠡᠴᠢᠯᠡᠭᠡ ᠬᠠᠡᠭᠭᠠᠬᠤ ᠪᠤᠯᠤᠨ᠎ᠠ᠂ ᠡᠨᠡ ᠲᠤᠬᠠᠢ ᠪᠢᠲᠠ ᠠᠶᠠᠯᠠᠯ ᠵᠢᠭᠤᠯᠴᠢᠯᠠᠯ ᠤᠨ ᠲᠡᠳ᠋ ᠪᠦᠲᠦᠴᠡ ᠪᠠᠨ ᠰᠠᠶᠢᠵᠢᠷᠠᠭᠤᠯᠵᠤ ᠪᠠᠶᠢᠨ᠎ᠠ᠃ ᠲᠤᠮᠲᠠᠲᠤ ᠤᠯᠤᠰ ᠤᠨ ᠵᠠᠷᠢᠮ ᠬᠦᠷᠦᠩᠭᠡ ᠤᠷᠤᠭᠤᠯᠤᠭᠴᠢᠳ ᠪᠠᠶᠢᠭᠠᠯ ᠨᠠᠭᠤᠷ ᠤᠨ ᠬᠦᠪᠡᠭᠡ ᠲᠠᠭᠠᠤ ᠳ᠋ᠤ ᠵᠤᠴᠢᠳ ᠪᠠᠭᠤᠲᠠᠯ ᠪᠠᠶᠢᠭᠤᠯᠬᠤ ᠪᠤᠶᠤ ᠠᠪᠠ ᠠᠩᠨᠠᠯ ᠤᠨ ᠲᠤᠭᠤᠷᠢᠭ ᠪᠠᠶᠢᠭᠤᠯᠬᠤ ᠲᠤᠷᠠᠲᠠᠢ ᠪᠠᠶᠢᠨ᠎ᠠ᠂ ᠢᠷᠡᠭᠡᠲᠦᠢ ᠳ᠋ᠤ ᠲᠤᠮᠲᠠᠲᠤ ᠤᠯᠤᠰ ᠤᠨ ᠵᠢᠭᠤᠯᠴᠢᠯᠠᠭᠴᠢᠳ ᠤᠯᠠᠨ ᠨᠡᠮᠡᠭᠲᠡᠬᠦ ᠡᠴᠡ ᠪᠤᠯᠵᠤ ᠲᠤᠬᠠᠢ ᠶᠢᠨ ᠤᠷᠤᠨ ᠤ ᠬᠢᠨ ᠳ᠋ᠤ ᠨᠡᠩ ᠤᠯᠠᠨ ᠠᠵᠢᠯ ᠤᠯᠭᠤᠬᠤ ᠵᠠᠪᠰᠢᠶᠠᠨ ᠬᠠᠩᠭ᠋ᠠᠬᠤ ᠪᠤᠯᠤᠨ᠎ᠠ ᠭᠡᠵᠡᠢ᠃

    ᠲᠡᠷᠡᠪᠡᠷ ᠬᠡᠯᠡᠬᠦ ᠳ᠋ᠡᠭᠡᠨ《 ᠰᠡᠬᠦᠯ ᠤᠨ ᠦᠶ᠎ᠠ ᠳ᠋ᠤ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠠᠶᠠᠯᠠᠯ ᠵᠢᠭᠤᠯᠴᠢᠯᠠᠯ ᠤᠨ ᠵᠤᠬᠢᠶᠠᠨ ᠪᠠᠶᠢᠭᠤᠯᠤᠯᠲᠠ ᠶᠢᠨ ᠬᠤᠷᠠᠯ ᠲᠤᠮᠲᠠᠲᠤ ᠤᠯᠤᠰ ᠤᠨ ᠴᠧᠩᠳᠦ᠋ ᠳ᠋ᠤ ᠪᠤᠯᠵᠤ ᠦᠩᠭᠡᠷᠡᠪᠡ᠂ ᠪᠤᠷᠢᠶᠠᠳ ᠴᠤ ᠲᠤᠰ ᠬᠤᠷᠠᠯ ᠳᠤ ᠤᠷᠤᠯᠴᠠᠵᠤ ᠪᠠᠶᠢᠲᠠᠯ ᠢᠶᠡᠨ ᠲᠠᠨᠢᠯᠴᠠᠭᠤᠯᠪᠠ᠂ ᠲᠤᠮᠲᠠᠲᠤ ᠤᠯᠤᠰ ᠤᠨ ᠠᠶᠠᠯᠠᠯ ᠵᠢᠭᠤᠯᠴᠢᠯᠠᠯ ᠤᠨ ᠤᠯᠠᠩᠬᠢ ᠠᠵᠤ ᠠᠬᠤᠶᠢᠯᠠᠯ ᠤᠷᠤᠯᠴᠠᠭᠰᠠᠨ ᠢᠶᠡᠷ ᠪᠤᠷᠢᠶᠠᠳ ᠤᠨ ᠠᠶᠠᠯᠠᠯ ᠵᠢᠭᠤᠯᠴᠢᠯᠠᠯ ᠤᠨ ᠬᠦᠭ᠍ᠵᠢᠯᠲᠠ ᠢᠢ ᠤᠯᠠᠮ ᠠᠬᠢᠭᠤᠯᠤᠨ᠎ᠠ ᠭᠡᠲᠡᠭ ᠲᠤ ᠢᠲᠡᠭᠡᠵᠦ ᠪᠠᠶᠢᠨ᠎ᠠ》 ᠭᠡᠵᠡᠢ᠃

    ᠪᠤᠷᠢᠶᠠᠳ ᠡᠭᠴᠡ ᠪᠤᠰᠬᠤ ᠨᠢᠰᠬᠦ ᠤᠩᠭ᠋ᠤᠴᠠ᠂ ᠮᠤᠲᠤᠨ ᠤ ᠪᠦᠲᠦᠭᠡᠭ᠍ᠲᠡᠬᠦᠨ ᠡᠳ᠋ᠰᠢᠬᠦᠯᠵᠦ ᠦᠢᠯᠡᠳᠪᠦᠷᠢᠯᠡᠬᠦ᠂ ᠠᠰᠢᠭᠲᠤ ᠮᠠᠯᠲᠠᠮᠠᠯ ᠢ ᠨᠡᠬᠡᠬᠡᠨ ᠬᠦᠭ᠍ᠵᠢᠬᠦᠯᠬᠦ᠂ ᠮᠠᠯ ᠲᠠᠷᠢᠶᠠᠯᠠᠩ ᠤᠨ ᠪᠦᠲᠦᠭᠡᠭ᠍ᠲᠡᠬᠦᠨ ᠡᠳ᠋ᠰᠢᠬᠦᠯᠵᠦ ᠦᠢᠯᠡᠳᠪᠦᠷᠢᠯᠡᠬᠦ᠂ ᠡᠪᠡᠰᠦᠨ ᠡᠮ ᠰᠤᠲᠤᠯᠤᠨ ᠦᠢᠯᠡᠳᠪᠦᠷᠢᠯᠡᠬᠦ ᠵᠡᠷᠭᠡ ᠰᠠᠯᠪᠤᠷᠢ ᠳ᠋ᠤ ᠬᠦᠭ᠍᠍ᠵᠢᠯᠲᠠ ᠶᠢᠨ ᠦᠷᠭᠡᠨ ᠤᠷᠤᠨ ᠵᠠᠢ ᠲᠠᠢ᠂ ᠤᠷᠤᠰ ᠤᠨ ᠲᠤᠲᠤᠭᠠᠲᠤ ᠭᠠᠲᠠᠭᠠᠲᠤ ᠶᠢᠨ ᠬᠦᠷᠦᠩᠭᠡ ᠤᠷᠤᠭᠤᠯᠤᠭᠴᠢᠳ ᠤᠨ ᠬᠠᠮᠲᠤᠷᠠᠨ ᠠᠵᠢᠯᠯᠠᠬᠤ  ᠤᠯᠠᠰᠢᠷᠠᠬᠤ ᠪᠤᠯᠤᠨ᠎ᠠ᠃ ᠲᠡᠷᠡᠪᠡᠷ ᠭᠡᠯᠡᠬᠦ ᠳᠡᠭᠡᠨ᠂ ᠮᠤᠲᠤᠨ ᠤ ᠠᠵᠤ ᠦᠢᠯᠡᠰ ᠢ ᠨᠡᠬᠡᠬᠡᠨ ᠬᠦᠭ᠍ᠵᠢᠬᠦᠯᠬᠦ ᠪᠤᠯ ᠪᠤᠷᠢᠶᠠᠳ ᠪᠠ ᠲᠤᠮᠲᠠᠲᠤ ᠤᠯᠤᠰ ᠤᠨ ᠬᠠᠮᠲᠤᠷᠠᠯᠴᠠᠭᠠᠨ ᠤ ᠴᠠᠷᠠᠭ᠎ᠠ ᠬᠦᠷᠢᠶᠠᠨ ᠳ᠋ᠡᠬᠢ ᠴᠢᠬᠤᠯᠠ ᠨᠢᠭᠡ ᠠᠭᠤᠯᠭ᠎ᠠ ᠪᠤᠯᠤᠨ᠎ᠠ᠂ ᠲᠤᠮᠲᠠᠲᠤ ᠤᠯᠤᠰ ᠤᠨ ᠵᠠᠷᠢᠮ ᠺᠤᠮᠫᠠᠨᠢ ᠪᠤᠷᠢᠶᠠᠳ ᠲᠤ ᠬᠦᠷᠦᠩᠭᠡ ᠤᠷᠤᠭᠤᠯᠵᠤ ᠮᠤᠲᠤᠨ ᠮᠠᠲ᠋ᠧᠷᠢᠶᠠᠯ ᠡᠳ᠋᠋ᠰᠢᠬᠦᠯᠵᠦ ᠦᠢᠯᠡᠳᠪᠦᠷᠢᠯᠡᠬᠦ ᠳ᠋ᠤ ᠪᠡᠨ ᠪᠤᠷᠢᠶᠠᠳ ᠤᠨ ᠵᠠᠰᠠᠭ ᠤᠨ ᠭᠠᠵᠠᠷ ᠤᠨ ᠲᠡᠮᠵᠢᠯᠭᠡ ᠶᠢ ᠤᠯᠵᠤ ᠪᠠᠶᠢᠨ᠎ᠠ᠃

    ᠪᠤᠷᠢᠶᠠᠳ ᠪᠠ ᠲᠤᠮᠲᠠᠲᠤ ᠤᠯᠤᠰ ᠤᠲᠤᠬᠠᠨ ᠳ᠋ᠤ ᠬᠦᠯᠡᠮᠵᠢ ᠳ᠋ᠤ ᠴᠠᠬᠢᠷᠮ᠎ᠠ ᠴᠡᠴᠡᠭ ᠲᠠᠷᠢᠬᠤ ᠲᠦᠰᠦᠯ ᠢ ᠠᠵᠢᠯᠯᠠᠭᠤᠯᠵᠤ ᠪᠠᠶᠢᠨ᠎ᠠ᠃ ᠡᠮᠦᠨᠡᠬᠡᠨ ᠲᠤᠮᠲᠠᠲᠤ ᠤᠯᠤᠰ ᠲᠤᠰ ᠤᠯᠤᠰ ᠤᠨ ᠬᠡᠪᠴᠢᠶᠠᠨ ᠳ᠋ᠡᠭᠡᠨ ᠴᠠᠬᠢᠷᠮ᠎ᠠ ᠴᠡᠴᠡᠭ ᠲᠠᠷᠢᠵᠤ ᠤᠷᠭᠤᠭᠤᠯᠤᠨ᠂ ᠬᠤᠯᠠᠨᠳ᠋ ᠤᠷᠤᠭᠤ ᠭᠠᠷᠭᠠᠨ ᠲᠠᠬᠢᠨ ᠤᠷᠤᠰ ᠲᠤ ᠪᠤᠷᠤᠯᠠᠭᠤᠯᠵᠤ ᠪᠠᠶᠢᠪᠠ᠃ ᠤᠲᠤ ᠲᠤᠮᠲᠠᠲᠤ ᠤᠯᠤᠰ ᠤ ᠬᠠᠮᠲᠤᠷᠠᠯᠴᠠᠭ᠎ᠠ ᠪᠡᠷ ᠪᠤᠷᠢᠶᠠᠳ ᠲᠤ ᠴᠠᠬᠢᠷᠮ᠎ᠠ ᠴᠡᠴᠡᠭ ᠲᠠᠷᠢᠵᠤ ᠤᠷᠭᠤᠭᠤᠯᠤᠨ᠂ ᠠᠩᠬᠠᠨ ᠤ ᠡᠭᠡᠯᠵᠢ ᠶᠢᠨ ᠴᠡᠴᠡᠭ ᠢ ᠨᠢᠭᠡᠨᠲᠡ ᠮᠤᠰᠺᠧᠠ ᠶᠢᠨ ᠴᠡᠴᠡᠭ ᠤᠨ ᠵᠠᠬ᠎ᠠ ᠳ᠋ᠤ ᠪᠤᠷᠤᠯᠠᠭᠤᠯᠵᠤ ᠡᠬᠢᠯᠡᠵᠡᠢ᠃

    ᠤᠯᠠᠭᠠᠨ ᠦᠲᠡ ᠶᠢᠨ ᠨᠠᠷᠠ ᠵᠢᠷᠭᠠᠬᠤ ᠭ᠍ᠱᠠᠨ

    ᠴᠢᠵᠢᠶᠧᠨᠤᠹ ᠪᠠᠶᠢᠭᠠᠯ ᠨᠠᠭᠤᠷ ᠤᠨ ᠴᠡᠩᠬᠡᠭ᠌ ᠤᠰᠤᠨ ᠤ ᠡᠬᠢ ᠪᠠᠶᠠᠯᠢᠭ ᠡᠯᠪᠡᠭ᠌᠂ ᠤᠷᠤᠰ ᠴᠡᠩᠭᠡᠭ᠌ ᠤᠰᠤ ᠶᠢ ᠭᠠᠲᠠᠭᠰᠢ ᠭᠠᠷᠭᠠᠬᠤ ᠲᠤᠮᠤ ᠤᠯᠤᠰ ᠪᠤᠯᠵᠤ ᠮᠡᠲᠡᠨ᠎ᠡ᠂ ᠭᠡᠬᠦ ᠳ᠋ᠡᠭᠡᠨ ᠪᠠᠶᠢᠭᠠᠯᠢ ᠤᠷᠴᠢᠨ ᠢ ᠬᠠᠮᠠᠭᠠᠯᠠᠬᠤ ᠬᠠᠦᠯᠢ ᠲᠤᠭᠲᠠᠭᠠᠮᠵᠢ ᠶᠢᠨ ᠲᠠᠭᠠᠤ ᠠᠮᠢ ᠠᠬᠤᠢ ᠶᠢ ᠤᠷᠢᠲᠠᠪᠡᠷ ᠬᠠᠮᠠᠭᠠᠯᠠᠬᠤ ᠬᠡᠷᠡᠭᠲᠡᠢ᠃ ᠪᠤᠷᠢᠶᠠᠳ ᠤᠨ ᠵᠠᠰᠠᠭ ᠤᠨ ᠭᠠᠵᠠᠷ ᠲᠤᠮᠲᠠᠲᠤ ᠤᠯᠤᠰ ᠤᠨ ᠨᠢᠭᠡ ᠠᠵᠤ ᠠᠬᠤᠶᠢᠯᠠᠯ ᠲᠠᠢ ᠪᠠᠶᠢᠭᠠᠯ ᠨᠠᠭᠤᠷ ᠤᠨ ᠤᠰᠤᠨ ᠤ ᠦᠢᠯᠡᠳᠪᠦᠷᠢ ᠪᠠᠶᠢᠭᠤᠯᠬᠤ ᠲᠤᠬᠠᠢ ᠠᠩᠬᠠᠨ ᠤ ᠬᠡᠯᠡᠯᠴᠡᠭᠡᠷ ᠲᠤᠭᠲᠠᠭᠠᠳ ᠪᠤᠢ᠂ ᠲᠦᠰᠦᠯ ᠤᠨ ᠶᠤᠰᠤᠭᠠᠷ ᠵᠢᠯ ᠳ᠋ᠤ 200 ᠲᠦᠮᠡᠨ ᠲᠤᠨ ᠤ ᠭᠠᠷᠤᠯᠲᠠ ᠬᠦᠷᠬᠦ ᠪᠤᠯᠤᠨ᠎ᠠ᠂ ᠪᠠᠶᠢᠭᠠᠯ ᠨᠠᠭᠤᠷ ᠤᠨ 400 ᠮᠧᠲ᠋ᠷ ᠤᠨ ᠭᠦᠨ ᠡᠴᠡ ᠤᠰᠤ ᠲᠠᠲᠠᠬᠤ ᠪᠤᠯᠤᠨ᠎ᠠ᠃ ᠪᠠᠶᠢᠭᠠᠯᠢ ᠤᠷᠴᠢᠨ ᠤ ᠬᠠᠮᠠᠭᠠᠯᠠᠯᠲᠠ ᠶᠢᠨ ᠦᠨᠡᠯᠡᠯᠲᠡ ᠪᠡᠷ ᠡᠨᠡᠬᠦ ᠦᠢᠯᠡᠳᠪᠦᠷᠢᠯᠡᠬᠦ ᠶᠠᠪᠤᠴᠠ ᠨᠢ ᠪᠠᠶᠢᠭᠠᠯ ᠨᠠᠭᠤᠷ ᠤᠨ ᠠᠮᠢ ᠠᠬᠤᠢ ᠤᠷᠴᠢᠨ ᠳ᠋ᠤ ᠨᠦᠯᠦᠭᠡ ᠪᠤᠯᠬᠤ ᠦᠭᠡᠢ ᠪᠤᠯ ᠲᠤᠰ ᠲᠦᠰᠦᠯ ᠬᠡᠷᠡᠭᠵᠢᠬᠦᠯᠦᠭᠲᠡᠬᠦ ᠪᠤᠯᠤᠨ᠎ᠠ ᠭᠡᠵᠦ ᠶᠠᠷᠢᠨ᠎ᠠ᠃

    ᠤᠷᠤᠰ ᠤᠨ ᠬᠤᠯᠪᠤᠭᠠᠨ ᠤ ᠪᠦᠭᠦᠲᠡ ᠨᠠᠶᠢᠷᠠᠮᠲᠠᠬᠤ ᠪᠤᠷᠢᠶᠠᠳ ᠤᠯᠤᠰ ᠤᠨ ᠨᠤᠲᠤᠭ ᠲᠠᠪᠢᠰᠭᠡᠷ ᠤᠨ ᠲᠠᠯᠠᠪᠠᠢ 35 ᠲᠦᠮᠡᠨ ᠺᠦᠧᠠᠲ ᠺᠢᠯᠤᠮᠧᠲ᠋ᠷ᠂ ᠪᠠᠶᠢᠭᠠᠯ ᠤᠨ ᠵᠡᠬᠦᠨ ᠲᠠᠯ᠎᠎ᠠ ᠪᠡᠷ ᠪᠠᠶᠢᠷᠢᠯᠠᠵᠤ ᠡᠮᠦᠨ᠎ᠡ ᠪᠠᠨ ᠮᠤᠩᠭ᠋ᠤᠯ ᠤᠯᠤᠰ ᠲᠠᠢ ᠬᠢᠯᠢᠯᠡᠲᠡᠭ᠃ 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121682786