蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠤᠯᠤᠰ ᠡᠴᠡ ᠮᠤᠩᠭ᠋ᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠮᠤᠩᠭ᠋ᠤᠯ ᠤᠯᠤᠰ ᠤᠨ ᠪᠠᠷᠠᠭᠤᠨ ᠲᠠᠪᠤᠨ ᠠᠶᠢᠮᠠᠭ ᠲᠠᠢ ᠬᠠᠮᠲᠤᠷᠠᠨ ᠠᠵᠢᠯᠯᠠᠬᠤ ᠲᠤᠬᠠᠢ ᠬᠤᠷᠠᠯ ᠵᠤᠬᠢᠶᠠᠨ ᠪᠠᠶᠢᠭᠤᠯᠪᠠ

2017-09-21 11:16

    ᠰᠢᠨᠬᠤᠧᠠ ᠨᠧᠲ   ᠤᠯᠠᠭᠠᠨᠪᠠᠭᠠᠲᠤᠷ ᠤᠨ 9 ᠰᠠᠷ᠎᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠᠰᠬᠠᠨ ) 19 ᠤ ᠡᠲᠦᠷ ᠲᠤᠮᠲᠠᠲᠤ ᠤᠯᠤᠰ ᠡᠴᠡ ᠮᠤᠩᠭ᠋ᠤᠯ ᠤᠯᠤᠰ ᠲᠤ ᠰᠠᠭᠤᠭ᠎ᠠ ᠡᠯᠴᠢᠨ ᠰᠠᠶᠢᠳ ᠰᠢᠩ ᠬᠠᠢ ᠮᠢᠩ ᠡᠴᠡ ᠮᠤᠩᠭ᠋ᠤᠯ ᠤᠯᠤᠰ ᠤᠨ ᠪᠠᠷᠠᠭᠤᠨ ᠲᠠᠪᠤᠨ ᠠᠶᠢᠮᠠᠭ ᠲᠠᠢ ᠬᠠᠮᠲᠤᠷᠠᠨ ᠠᠵᠢᠯᠯᠠᠬᠤ ᠲᠤᠬᠠᠢ ᠬᠤᠷᠠᠯ ᠢ ᠤᠯᠠᠭᠠᠨᠪᠠᠭᠠᠲᠤᠷ ᠬᠤᠲᠠ ᠳ᠋ᠤ ᠵᠤᠬᠢᠶᠠᠨ ᠪᠠᠶᠢᠭᠤᠯᠪᠠ᠃ ᠮᠤᠩᠭ᠋ᠤᠯ ᠤᠯᠤᠰ ᠤᠨ ᠪᠠᠷᠠᠭᠤᠨ ᠪᠦᠰᠡ ᠶᠢᠨ ᠪᠠᠶᠠᠨ ᠦᠯᠦᠭᠡᠢ᠂ ᠭᠤᠪᠢ ᠠᠯᠲᠠᠢ᠂ ᠵᠠᠪᠬᠠᠨ᠂ ᠤᠪᠰᠤ᠂ ᠬᠤᠪᠲᠤ 5 ᠠᠶᠢᠮᠠᠭ ᠤᠨ ᠵᠠᠰᠠᠭ ᠲᠠᠷᠤᠭ᠎ᠠ ᠪᠠ ᠢᠷᠭᠡᠳ ᠤᠨ ᠲᠦᠯᠦᠭᠡᠯᠡᠯ ᠤᠷᠢᠯᠭ᠎ᠠ ᠪᠡᠷ ᠬᠤᠷᠠᠯ ᠳ᠋ᠤ ᠤᠷᠤᠯᠴᠠᠵᠠᠢ᠃ ᠲᠤᠮᠲᠠᠲᠤ ᠤᠯᠤᠰ ᠡᠴᠡ ᠮᠤᠩᠭ᠋ᠤᠯ ᠤᠯᠤᠰ ᠲᠤ ᠰᠠᠭᠤᠭ᠎ᠠ ᠬᠠᠮᠢᠶᠠᠲᠠᠢ ᠠᠯᠪᠠᠨ ᠲᠤᠰᠢᠶᠠᠯᠲᠠᠨ ᠬᠢᠭᠡᠳ ᠮᠤᠩᠭ᠋ᠤᠯ ᠲᠤᠮᠲᠠᠲᠤ ᠬᠦᠷᠦᠩᠭᠡ ᠨᠡᠶᠢᠯᠡᠬᠦᠯᠦᠭᠰᠡᠨ ᠠᠵᠤ ᠠᠬᠤᠶᠢᠯᠠᠯ ᠤᠨ ᠲᠦᠯᠦᠭᠡᠯᠡᠯ ᠴᠤ ᠲᠤᠬᠠᠢ ᠶᠢᠨ ᠡᠲᠦᠷ ᠤᠨ ᠬᠤᠷᠠᠯ ᠳ᠋ᠤ ᠤᠷᠤᠯᠴᠠᠪᠠ᠃

    ᠲᠤᠮᠲᠠᠲᠤ ᠤᠯᠤᠰ ᠡᠴᠡ ᠮᠤᠩᠭ᠋ᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠮᠤᠩᠭ᠋ᠤᠯ ᠤᠯᠤᠰ ᠤᠨ ᠪᠠᠷᠠᠭᠤᠨ ᠲᠠᠪᠤᠨ ᠠᠶᠢᠮᠠᠭ ᠲᠠᠢ ᠬᠠᠮᠲᠤᠷᠠᠨ ᠠᠵᠢᠯᠯᠠᠬᠤ ᠲᠤᠬᠠᠢ ᠬᠤᠷᠠᠯ ᠵᠤᠬᠢᠶᠠᠨ ᠪᠠᠶᠢᠭᠤᠯᠪᠠ ( ᠵᠢᠷᠤᠭ ᠢ ᠰᠢᠨᠬᠤᠧᠠ ᠨᠧᠲ ᠤᠨ ᠰᠤᠷᠪᠤᠯᠵᠢᠯᠠᠭᠴᠢ ᠠᠰᠬᠠᠨ )

    ᠰᠢᠩ ᠬᠠᠢ ᠮᠢᠩ ᠡᠯᠴᠢᠨ ᠰᠠᠶᠢᠳ ᠬᠤᠷᠠᠯ ᠤᠨ ᠦᠶ᠎ᠠ ᠪᠡᠷ ᠲᠡᠮᠲᠡᠭᠯᠡᠬᠦ ᠳ᠋ᠡᠭᠡᠨ᠂ ᠲᠤᠮᠲᠠᠲᠤ ᠮᠤᠩᠭ᠋ᠤᠯ ᠬᠤᠶᠠᠷ ᠤᠷᠤᠨ ᠪᠤᠯ ᠬᠠᠶᠠᠭ᠎ᠠ ᠨᠡᠶᠢᠯᠡᠭᠰᠡᠨ ᠨᠠᠶᠢᠷᠰᠠᠭ ᠬᠦᠷᠰᠢ ᠶᠤᠮ᠂ ᠬᠤᠶᠠᠷ ᠲᠠᠯ᠎ᠠ ᠶᠢᠨ ᠬᠠᠮᠲᠤᠪᠡᠷ ᠬᠢᠴᠢᠶᠠᠨ ᠠᠵᠢᠯᠯᠠᠭᠰᠠᠨ ᠤ ᠦᠷ᠎ᠡ ᠰᠢᠮ᠎ᠡ ᠪᠡᠷ ᠬᠤᠶᠠᠷ ᠤᠯᠤᠰ ᠤᠨ ᠬᠠᠷᠢᠴᠠᠭ᠎ᠠ ᠬᠤᠷᠲᠤ ᠲᠠᠢ ᠬᠦᠭ᠍ᠵᠢᠵᠦ ᠪᠠᠶᠢᠨ᠎ᠠ᠃ ᠲᠤᠮᠲᠠᠲᠤ ᠶᠢᠨ ᠲᠠᠯ᠎ᠠ ᠮᠤᠩᠭ᠋ᠤᠯ ᠤᠨ ᠲᠠᠯ᠎ᠠ ᠲᠠᠢ ᠬᠠᠮᠲᠤᠪᠡᠷ ᠲᠤᠮᠲᠠᠲᠤ ᠤᠯᠤᠰ ᠤᠨ 《 ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠶᠢ ᠮᠤᠩᠭ᠋ᠤᠯ ᠤᠯᠤᠰ ᠤᠨ 《 ᠬᠦᠭ᠍ᠵᠢᠯ ᠤᠨ ᠵᠠᠮ》 ᠯᠤᠭ᠎ᠠ ᠰᠲ᠋ᠷᠠᠲ᠋ᠧᠭᠢ ᠶᠢᠨ ᠲᠦᠩᠰᠢᠯᠡᠯ ᠢᠶᠡᠷ ᠬᠤᠯᠪᠤᠵᠤ᠂ ᠲᠤᠮᠲᠠᠲᠤ ᠮᠤᠩᠭ᠋ᠤᠯ ᠤᠨ ᠬᠠᠷᠢᠴᠠᠭ᠎ᠠ ᠪᠠ ᠡᠯ᠎ᠡ ᠰᠠᠯᠪᠤᠷᠢ ᠶᠢᠨ ᠨᠡᠶᠢᠲᠡᠯᠢᠭ ᠬᠠᠮᠲᠤᠷᠠᠯᠴᠠᠭ᠎ᠠ ᠶᠢ ᠤᠯᠤᠰ ᠬᠤᠭᠤᠷᠤᠨᠲᠤ ᠶᠢᠨ ᠬᠠᠮᠲᠤᠷᠠᠯᠴᠠᠭᠠᠨ ᠤ ᠦᠯᠢᠭᠡᠷ ᠵᠢᠱᠢᠶ᠎ᠠ ᠪᠤᠯᠭᠠᠬᠤ ᠳ᠋ᠤ ᠲᠠᠭᠠᠲᠠᠢ ᠪᠠᠶᠢᠨ᠎ᠠ ᠭᠡᠵᠡᠢ᠃

    ᠰᠢᠩ ᠬᠠᠢ ᠮᠢᠩ ᠡᠯᠴᠢᠨ ᠰᠠᠶᠢᠳ ᠢᠯᠡᠷᠬᠡᠶᠢᠯᠡᠬᠦ ᠳ᠋ᠡᠭᠡᠨ᠂ ᠮᠤᠩᠭ᠋ᠤᠯ ᠤᠯᠤᠰ ᠤᠨ ᠪᠠᠷᠠᠭᠤᠨ ᠲᠠᠪᠤᠨ ᠠᠶᠢᠮᠠᠭ ᠪᠤᠯ ᠲᠤᠮᠲᠠᠲᠤ ᠤᠯᠤᠰ ᠤᠨ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠠ ᠰᠢᠨᠵᠢᠶᠠᠩ ᠤᠨ ᠤᠶᠢᠭᠤᠷ ᠤᠨ ᠦᠪᠡᠷᠲᠡᠭᠡᠨ ᠵᠠᠰᠠᠬᠤ ᠤᠷᠤᠨ ᠵᠡᠷᠭᠡ ᠪᠦᠰᠡ ᠨᠤᠲᠤᠭ ᠤᠨ ᠬᠦᠷᠰᠢ ᠶᠤᠮ᠃ ᠤᠲᠠᠭᠠᠨ ᠵᠢᠯ ᠤᠨ ᠲᠤᠷᠰᠢ ᠬᠤᠶᠠᠷ ᠤᠷᠤᠨ ᠤ ᠪᠠᠷᠠᠭᠤᠨ ᠪᠦᠰᠡ ᠶᠢᠨ ᠬᠠᠮᠢᠶᠠᠲᠠᠢ ᠤᠷᠤᠨ ᠮᠤᠵᠢ ᠠᠶᠢᠮᠠᠭ ᠤᠳ ᠡᠶ᠎ᠡ ᠨᠠᠶᠢᠷᠲᠠᠢ ᠶᠠᠪᠤᠯᠴᠠᠭᠰᠠᠭᠠᠷ ᠢᠷᠡᠵᠡᠢ᠃ ᠬᠤᠶᠠᠷ ᠤᠷᠤᠨ ᠤ ᠲᠡᠳ᠋ ᠪᠦᠲᠦᠴᠡ᠂ ᠪᠤᠭᠤᠮᠲᠠ᠂ ᠠᠰᠢᠭᠲᠤ ᠮᠠᠯᠲᠠᠮᠠᠯ ᠵᠡᠷᠭᠡ ᠰᠠᠯᠪᠤᠷᠢ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠬᠦᠭ᠍ᠵᠢᠪᠡ᠃ ᠬᠤᠶᠠᠷ ᠤᠷᠤᠨ ᠤ ᠢᠷᠭᠡᠳ ᠤᠨ ᠰᠤᠯᠢᠯᠴᠠᠭ᠎ᠠ ᠡᠲᠦᠷ ᠢᠷᠡᠬᠦᠶ᠎ᠠ ᠬᠦᠭ᠍ᠵᠢᠶᠠᠨ ᠲᠠᠢ ᠪᠤᠯᠵᠤ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠰᠤᠶᠤᠯ ᠵᠡᠷᠭᠡ ᠬᠦᠮᠦᠨᠯᠢᠭ᠌᠌ ᠤᠨ ᠰᠠᠯᠪᠤᠷᠢ ᠶᠢᠨ ᠬᠠᠮᠲᠤᠷᠠᠯᠴᠠᠭ᠎ᠠ ᠤᠷᠤᠭᠰᠢᠲᠠᠢ ᠶᠠᠪᠤᠬᠳᠠᠵᠤ᠂ ᠬᠤᠶᠠᠷ ᠤᠷᠤᠨ ᠤ ᠤᠶᠢᠯᠠᠭᠠᠯᠴᠠᠯ ᠪᠠ ᠨᠦᠬᠦᠷᠯᠡᠯ ᠢ ᠵᠤᠵᠠᠭᠠᠳᠬᠠᠪᠠ᠃ ᠬᠤᠶᠢᠰᠢᠲᠠ ᠲᠤᠮᠲᠠᠲᠤ ᠶᠢᠨ ᠲᠠᠯ᠎ᠠ ᠮᠤᠩᠭ᠋ᠤᠯ ᠤᠯᠤᠰ ᠤᠨ ᠪᠠᠷᠠᠭᠤᠨ ᠪᠦᠰᠡ ᠯᠤᠭᠡ ᠶᠢᠨ ᠪᠦᠬᠦ ᠲᠠᠯ᠎ᠠ ᠶᠢᠨ ᠨᠦᠬᠦᠷᠰᠡᠭ ᠬᠠᠷᠢᠯᠴᠠᠭ᠎ᠠ ᠪᠠ ᠬᠠᠮᠲᠤᠷᠠᠯᠴᠠᠭ᠎ᠠ ᠪᠠᠨ ᠤᠯᠠᠮ ᠴᠢᠩᠭ᠋ᠠᠳᠬᠠᠵᠤ᠂ ᠬᠤᠶᠠᠷ ᠤᠷᠤᠨ ᠤ ᠬᠠᠷᠢᠯᠴᠠᠭ᠎ᠠ ᠬᠦᠭ᠍ᠵᠢᠯᠲᠠ ᠳ᠋ᠤ ᠰᠢᠨ᠎ᠡ ᠬᠤᠪᠢ ᠨᠡᠮᠡᠷᠢ ᠤᠷᠤᠭᠤᠯᠤᠨ᠎ᠠ ᠭᠡᠵᠡᠢ᠃

    ᠲᠤᠮᠲᠠᠲᠤ ᠤᠯᠤᠰ ᠡᠴᠡ ᠮᠤᠩᠭ᠋ᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠮᠤᠩᠭ᠋ᠤᠯ ᠤᠯᠤᠰ ᠤᠨ ᠪᠠᠷᠠᠭᠤᠨ ᠲᠠᠪᠤᠨ ᠠᠶᠢᠮᠠᠭ ᠲᠠᠢ ᠬᠠᠮᠲᠤᠷᠠᠨ ᠠᠵᠢᠯᠯᠠᠬᠤ ᠲᠤᠬᠠᠢ ᠬᠤᠷᠠᠯ ᠵᠤᠬᠢᠶᠠᠨ ᠪᠠᠶᠢᠭᠤᠯᠪᠠ ( ᠵᠢᠷᠤᠭ ᠢ ᠰᠢᠨᠬᠤᠧᠠ ᠨᠧᠲ ᠤᠨ ᠰᠤᠷᠪᠤᠯᠵᠢᠯᠠᠭᠴᠢ ᠠᠰᠬᠠᠨ )

    ᠮᠤᠩᠭ᠋ᠤᠯ ᠤᠯᠤᠰ ᠤᠨ ᠪᠠᠷᠠᠭᠤᠨ ᠪᠦᠰᠡ ᠶᠢᠨ ᠲᠠᠪᠤᠨ ᠠᠶᠢᠮᠠᠭ ᠤᠨ ᠲᠦᠯᠦᠭᠡᠯᠡᠯ ᠦᠭᠡ ᠶᠠᠷᠢᠵᠤ᠂ ᠲᠤᠮᠲᠠᠲᠤ ᠤᠯᠤᠰ ᠡᠴᠡ ᠮᠤᠩᠭ᠋ᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠪᠠᠷᠠᠭᠤᠨ ᠪᠦᠰᠡ ᠶᠢᠨ ᠠᠶᠢᠮᠠᠭ ᠤᠳ ᠢ ᠬᠠᠪᠰᠤᠷᠤᠨ ᠲᠡᠮᠵᠢᠭᠰᠡᠭᠡᠷ ᠢᠷᠡᠭᠰᠡᠨ  ᠳᠤ ᠲᠠᠯᠠᠷᠬᠠᠯ ᠢᠯᠡᠷᠬᠡᠶᠢᠯᠡᠬᠦ ᠶᠢᠨ ᠬᠠᠮᠲᠤ ᠲᠤᠮᠲᠠᠲᠤ ᠤᠯᠤᠰ ᠤᠨ ᠬᠠᠮᠢᠶᠠᠲᠠᠢ ᠮᠤᠵᠢ ᠳ᠋ᠤ ᠪᠤᠯᠪᠠᠰᠤᠨ ᠬᠦᠴᠦᠨ ᠤ ᠰᠤᠷᠭᠠᠯᠲᠠ᠂ ᠲᠡᠳ᠋ ᠪᠦᠲᠦᠴᠡ᠂ ᠠᠶᠠᠯᠠᠯ ᠵᠢᠭᠤᠯᠴᠢᠯᠠᠯ᠂ ᠠᠰᠢᠭᠲᠤ ᠮᠠᠯᠲᠠᠮᠠᠯ ᠤᠨ ᠡᠳ᠋ᠰᠢᠬᠦᠯᠦᠯᠲᠡ᠂ ᠪᠤᠭᠤᠮᠲᠠ ᠶᠢᠨ ᠪᠠᠶᠢᠭᠤᠯᠤᠯᠲᠠ᠂ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠰᠠᠯᠪᠤᠷᠢ ᠳ᠋ᠤ ᠪᠦᠲᠦᠮᠵᠢᠲᠠᠢ ᠬᠠᠮᠲᠤᠷᠠᠨ ᠠᠵᠢᠯᠯᠠᠬᠤ ᠲᠤᠬᠠᠢ ᠪᠠᠨ ᠢᠯᠡᠷᠬᠡᠶᠢᠯᠡᠪᠡ᠃

    ᠬᠤᠷᠠᠯ ᠤᠨ ᠦᠶ᠎ᠠ ᠪᠡᠷ᠂ ᠲᠤᠮᠲᠠᠲᠤ ᠤᠯᠤᠰ ᠡᠴᠡ ᠮᠤᠩᠭ᠋ᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠪᠤᠯᠤᠨ ᠮᠤᠩᠭ᠋ᠤᠯ ᠤᠯᠤᠰ ᠤᠨ ᠪᠠᠷᠠᠭᠤᠨ ᠪᠦᠰᠡ ᠶᠢᠨ ᠲᠠᠪᠤᠨ ᠠᠶᠢᠮᠠᠭ ᠨᠦᠬᠦᠷᠰᠡᠭ ᠬᠠᠮᠲᠤᠷᠠᠨ ᠠᠵᠢᠯᠯᠠᠬᠤ ᠰᠠᠨᠠᠮᠵᠢ ᠶᠢᠨ ᠪᠢᠴᠢᠭ᠌ ᠲᠤ ᠭᠠᠷ ᠤᠨ ᠦᠰᠦᠭ ᠵᠢᠷᠤᠵᠤ᠂ ᠰᠢᠩ ᠬᠠᠢ ᠮᠢᠩ ᠡᠯᠴᠢᠨ ᠰᠠᠶᠢᠳ ᠮᠤᠩᠭ᠋ᠤᠯ ᠤᠯᠤᠰ ᠤᠨ ᠪᠠᠷᠠᠭᠤᠨ ᠪᠦᠰᠡ ᠶᠢᠨ ᠲᠠᠪᠤᠨ ᠠᠶᠢᠮᠠᠭ ᠤᠨ ᠬᠠᠮᠢᠶᠠᠲᠠᠢ ᠤᠲᠤᠷᠢᠲᠤᠯᠭ᠎ᠠ ᠲᠠᠢ ᠠᠵᠢᠯ ᠤᠨ ᠰᠤᠯᠢᠯᠴᠠᠭ᠎ᠠ ᠬᠢᠪᠡ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120791121701217