蒙古文网站Logo
ᠰᠢᠨᠬᠤᠸᠠ ᠮᠤᠩᠭ᠋ᠤᠯ ᠨᠧᠲ

ᠮᠧᠺᠰᠢᠺᠦ ᠳᠤ 6.1 ᠳᠡᠰ ᠤᠨ ᠭᠠᠵᠠᠷ ᠬᠦᠳᠡᠯᠪᠡ

2017-09-24 11:55

    ᠰᠢᠨᠬᠤᠧᠠ ᠬᠤᠷᠢᠶ᠎ᠠ  ᠮᠧᠺᠰᠢᠺᠤ ᠬᠤᠲᠠ ᠶᠢᠨ 9 ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠡᠦ ᠬᠤᠤ) ᠮᠧᠺᠰᠢᠺᠤ ᠶᠢᠨ ᠤᠯᠤᠰ ᠤᠨ ᠭᠠᠵᠠᠷ ᠬᠦᠳᠡᠯᠤᠯᠲᠠ ᠶᠢᠨ ᠲᠦᠪ ᠤᠨ ᠮᠡᠳᠡᠭᠡᠯᠡᠯ ᠢ ᠦᠨᠳᠦᠰᠦᠯᠡᠪᠡᠯ᠂ ᠲᠤᠬᠠᠢ ᠶᠢᠨ ᠭᠠᠵᠠᠷ ᠤᠨ ᠴᠠᠭ ᠢᠶᠡᠷ 9 ᠰᠠᠷ᠎ᠠ ᠶᠢᠨ 23 ᠤ ᠡᠳᠦᠷ ᠤᠨ 07᠄ 52 ᠴᠠᠭ ᠲᠤ (ᠪᠡᠭᠡᠵᠢᠩ ᠤᠨ ᠴᠠᠭ ᠢᠶᠡᠷ 20᠄ 52 ᠴᠠᠭ) ᠮᠧᠺᠰᠢᠺᠤ ᠶᠢᠨ ᠸᠠᠬᠠᠺᠠ ᠵᠧᠦ ᠳᠤ 6.1 ᠳᠡᠰ ᠤᠨ ᠭᠠᠵᠠᠷ ᠬᠦᠳᠡᠯᠪᠠ᠂ ᠭᠠᠵᠠᠷ ᠬᠦᠳᠡᠯᠦᠯᠳᠡ ᠶᠢᠨ ᠭᠤᠯᠤᠮᠳᠠ ᠨᠢ 75ᠺᠢᠯᠤᠮᠧᠲ᠋ᠷ᠃

    ᠤᠶᠢᠷ᠎ᠠ ᠳᠤ᠂ ᠮᠧᠺᠰᠢᠺᠤ ᠳᠤ ᠪᠠᠶᠢᠨ ᠳᠠᠬᠢᠨ ᠭᠠᠵᠠᠷ ᠬᠦᠳᠡᠯᠵᠤ ᠪᠤᠢ᠃ 9 ᠰᠠᠷ᠎ᠠ ᠶᠢᠨ 19 ᠤ ᠡᠳᠦᠷ ᠂ ᠮᠧᠺᠰᠢᠺᠦ ᠳᠤ7.1 ᠳᠡᠰ ᠤᠨ ᠭᠠᠵᠠᠷ ᠬᠦᠳᠡᠯᠵᠤ᠂ ᠭᠠᠵᠠᠷ ᠬᠦᠳᠡᠯᠦᠯᠳᠡ ᠶᠢᠨ ᠭᠤᠯᠤᠮᠳᠠ ᠨᠢ 57 ᠺᠢᠯᠤᠮᠧᠲ᠋ᠷ᠃ ᠮᠧᠺᠰᠢᠺᠤ ᠶᠢᠨ ᠳᠤᠲᠤᠭᠠᠲᠤ ᠬᠡᠷᠡᠭ ᠤᠨ ᠶᠠᠮᠤᠨ ᠡᠴᠡ ᠬᠠᠩᠭ᠋ᠠᠬᠰᠠᠨ ᠲᠤᠭ᠎ᠠ ᠪᠦᠷᠢᠳᠭᠡᠯ ᠢ ᠦᠨᠳᠦᠰᠦᠯᠡᠪᠡᠯ᠂ ᠨᠢᠬᠡᠨᠲᠠ 300 ᠰᠢᠬᠠᠮ ᠬᠦᠮᠦᠨ ᠠᠮᠢ ᠪᠡᠨ ᠠᠯᠳᠠᠬᠰᠠᠨ ᠪᠠᠶᠢᠨ᠎ᠠ᠃ 9 ᠰᠠᠷ᠎ᠠ ᠶᠢᠨ 7 ᠤ ᠡᠳᠦᠷ᠂ ᠮᠧᠺᠰᠢᠺᠦ ᠳᠤ 8.2 ᠳᠡᠰ ᠤᠨ ᠭᠠᠵᠠᠷ ᠬᠦᠳᠡᠯᠵᠤ᠂ ᠭᠠᠵᠠᠷ ᠬᠦᠳᠡᠯᠦᠯᠳᠡ ᠶᠢᠨ ᠭᠤᠯᠤᠮᠳᠠ ᠨᠢ 19 ᠺᠢᠯᠤᠮᠧᠲ᠋ᠷ᠃ ᠤᠶᠢᠯᠠᠭᠠᠭᠰᠠᠨ ᠢᠶᠡᠷ᠂ ᠨᠢᠬᠡᠨᠲᠠ 98 ᠬᠦᠮᠦᠨ ᠠᠮᠢ ᠪᠡᠨ ᠠᠯᠳᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011100001121715082