蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ ᠤᠨ ᠶᠡᠷᠦᠩᠬᠡᠶᠢᠯᠡᠭᠴᠢ ᠪᠦᠭᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠠᠶᠢᠭᠤᠯᠤᠭᠲᠠᠭᠰᠠᠨ 68 ᠵᠢᠯ ᠶᠢᠨ ᠤᠢ ᠳ᠋ᠤ ᠪᠠᠶᠠᠷ ᠤᠨ ᠵᠠᠬᠢᠶ᠎ᠠ ᠢᠯᠡᠭᠡᠪᠡ

2017-09-30 16:38

    ᠰᠢᠨᠬᠤᠧᠠ ᠬᠤᠷᠢᠶ᠎ᠠ   ᠤᠯᠠᠭᠠᠨᠪᠠᠭᠠᠲᠤᠷ ᠤᠨ 9 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠲᠡᠭᠡ   ᠰᠡᠬᠦᠯ ᠤᠨ ᠦᠶ᠎ᠠ ᠳ᠋ᠤ ᠮᠤᠩᠭ᠋ᠤᠯ ᠤᠯᠤᠰ ᠤᠨ ᠶᠡᠷᠦᠩᠬᠡᠶᠢᠯᠡᠭᠴᠢ ᠬ • ᠪᠠᠲᠤᠲᠤᠯᠭ᠎᠎ᠠ ᠲᠤᠮᠲᠠᠲᠤ ᠤᠯᠤᠰ ᠤᠨ ᠤᠯᠤᠰ ᠤᠨ ᠲᠡᠷᠢᠬᠦᠯᠡᠭᠴᠢ ᠰᠢ ᠵᠢᠨ ᠫᠢᠩ ᠳ᠋ᠤ ᠪᠠᠶᠠᠷ ᠤᠨ ᠵᠠᠬᠢᠶ᠎ᠠ ᠢᠯᠡᠭᠡᠨ ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠪᠠᠶᠢᠭᠤᠯᠤᠭᠲᠠᠭᠰᠠᠨ 68 ᠵᠢᠯ ᠤᠨ ᠤᠢ ᠶᠢ ᠪᠡᠯᠭᠡᠯᠡᠪᠡ᠃

    ᠬ • ᠪᠠᠲᠤᠲᠤᠯᠭ᠎᠎ᠠ ᠪᠠᠶᠠᠷ ᠤᠨ ᠵᠠᠬᠢᠶᠠᠨ ᠳ᠋ᠠᠭᠠᠨ᠂ ᠰᠡᠬᠦᠯ ᠤᠨ ᠵᠢᠯ ᠡᠴᠡ ᠨᠠᠰᠢ ᠮᠤᠩᠭ᠋ᠤᠯ ᠲᠤᠮᠲᠠᠲᠤ ᠬᠤᠶᠠᠷ ᠤᠷᠤᠨ ᠤ ᠡᠯ᠎ᠡ ᠰᠠᠯᠪᠤᠷᠢ ᠶᠢᠨ ᠬᠠᠮᠲᠤ ᠶᠢᠨ ᠠᠵᠢᠯᠯᠠᠭᠠᠨ ᠤ ᠰᠲ᠋ᠷᠠᠲ᠋ᠢᠬᠢ ᠶᠢᠨ ᠲᠦᠩᠰᠢᠯᠡᠯ ᠤᠨ ᠬᠠᠷᠢᠯᠴᠠᠭ᠎ᠠ ᠲᠤᠭᠲᠠᠯᠴᠠᠭᠠᠨ ᠤ ᠲᠠᠭᠠᠤ ᠲᠠᠰᠤᠷᠠᠯᠲᠠ ᠦᠭᠡᠢ ᠦᠷᠭᠡᠳᠴᠦ ᠪᠠᠶᠢᠭ᠎ᠠ ᠳ᠋ᠤ ᠲᠡᠷᠡᠪᠡᠷ ᠰᠡᠳᠬᠢᠯ ᠪᠠᠶᠠᠷᠲᠠᠢ ᠪᠠᠶᠢᠨ᠎ᠠ ᠭᠡᠯ᠎ᠡ᠃

    ᠬ • ᠪᠠᠲᠤᠲᠤᠯᠭ᠎᠎ᠠ ᠪᠠᠶᠠᠷ ᠤᠨ ᠵᠠᠬᠢᠶᠠᠨ ᠳ᠋ᠠᠭᠠᠨ᠂ ᠰᠢ ᠵᠢᠨ ᠫᠢᠩ ᠲᠡᠷᠢᠬᠦᠯᠡᠭᠴᠢ ᠮᠤᠩᠭ᠋ᠤᠯ ᠲᠤᠮᠲᠠᠲᠤ ᠶᠢᠨ ᠨᠦᠬᠦᠷᠰᠡᠭ ᠬᠠᠷᠢᠯᠴᠠᠭᠠᠨ ᠤ ᠡᠯ᠎ᠡ ᠰᠠᠯᠪᠤᠷᠢ ᠶᠢᠨ ᠡᠷᠬᠡ ᠲᠡᠭᠰᠢ ᠬᠠᠮᠲᠤᠪᠡᠷ ᠠᠰᠢᠭ ᠬᠦᠷᠲᠡᠬᠦ ᠬᠦᠭ᠍ᠵᠢᠯᠲᠠ ᠶᠢ ᠬᠠᠯᠠᠮᠵᠢᠯᠠᠨ ᠠᠬᠢᠭᠤᠯᠤᠬᠰᠠᠨ ᠶᠢᠡᠷ ᠬᠤᠶᠠᠷ ᠤᠷᠤᠨ ᠤ ᠬᠠᠮᠲᠤᠷᠠᠯᠴᠠᠭ᠎ᠠ ᠪᠤᠲᠠᠲᠤ ᠦᠷ᠎ᠡ ᠪᠦᠲᠦᠭᠡᠯ ᠤᠯᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠪᠡ᠃ 2014 ᠤᠨ ᠳ᠋ᠤ ᠰᠢ ᠵᠢᠨ ᠫᠢᠩ ᠲᠡᠷᠢᠬᠦᠯᠡᠭᠴᠢ ᠮᠤᠩᠭ᠋ᠤᠯ ᠤᠯᠤᠰ ᠲᠤ ᠲᠦᠷᠦ ᠶᠢᠨ ᠶᠠᠪᠤᠲᠠᠯ ᠶᠢᠨ ᠠᠶᠢᠯᠴᠢᠯᠠᠯ ᠬᠢᠭ᠍ᠰᠡᠨ ᠨᠢ ᠲᠤᠮᠲᠠᠲᠤ ᠤᠯᠤᠰ ᠤᠨ ᠵᠠᠰᠠᠭ ᠤᠨ ᠭᠠᠵᠠᠷ ᠡᠴᠡ ᠮᠤᠩᠭ᠋ᠤᠯ ᠲᠤᠮᠲᠠᠲᠤ ᠶᠢᠨ ᠬᠠᠷᠢᠯᠴᠠᠭ᠎ᠠ ᠶᠢ ᠲᠡᠭᠡᠳᠦ ᠬᠡᠮᠵᠢᠶ᠎ᠠ ᠪᠡᠷ ᠴᠢᠬᠤᠯᠠᠴᠢᠯᠠᠵᠤ ᠦᠵᠡᠵᠦ ᠪᠠᠶᠢᠭ᠎᠎ᠠ ᠶᠢ ᠢᠯᠡᠷᠬᠡᠶᠢᠯᠡᠭᠰᠡᠨ ᠪᠠᠶᠢᠨ᠎ᠠ ᠭᠡᠵᠦ ᠲᠡᠮᠲᠡᠭᠯᠡᠵᠡᠢ᠃

    ᠪᠠᠶᠠᠷ ᠤᠨ ᠵᠠᠬᠢᠶᠠᠨ ᠳ᠋ᠠᠭᠠᠨ᠂ ᠬᠠᠮᠲᠤᠪᠡᠷ ᠬᠦᠭ᠍ᠵᠢᠵᠦ ᠬᠠᠮᠲᠤᠷᠠᠯᠴᠠᠬᠤ ᠨᠢ ᠬᠤᠶᠠᠷ ᠤᠷᠤᠨ ᠤ ᠢᠷᠭᠡᠳ ᠤᠨ ᠠᠰᠢᠭ ᠲᠤᠰᠠ ᠲᠠᠢ ᠲᠤᠬᠢᠷᠠᠯᠴᠠᠬᠤ ᠪᠡᠷ ᠪᠠᠷᠠᠬᠤ ᠦᠭᠡᠢ ᠲᠤᠰ ᠤᠷᠤᠨ ᠪᠦᠰᠡ ᠶᠢᠨ ᠬᠠᠮᠲᠤᠷᠠᠯᠴᠠᠭᠠᠨ ᠤ ᠬᠡᠷᠡᠭᠴᠡᠭᠡ ᠶᠢ ᠴᠤ ᠠᠬᠢᠭᠤᠯᠤᠨ᠎ᠠ ᠭᠡᠵᠡᠢ᠃ ᠪᠠᠲᠤᠲᠤᠯᠭ᠎ᠠ᠂ ᠲᠤᠮᠲᠠᠲᠤ ᠤᠯᠤᠰ ᠤᠨ ᠵᠠᠰᠠᠭ ᠤᠨ ᠭᠠᠵᠠᠷ ᠡᠴᠡ ᠮᠤᠩᠭ᠋ᠤᠯ ᠤᠯᠤᠰ ᠲᠤ ᠤᠯᠭᠤᠭᠰᠠᠨ ᠬᠦᠩᠭᠡᠯᠯᠡᠲᠡ ᠲᠠᠢ ᠵᠢᠭᠡᠯᠡᠯᠭᠡ᠂ ᠪᠤᠴᠠᠯᠲᠠ ᠦᠭᠡᠢ ᠲᠤᠰᠠᠯᠠᠮᠵᠢ ᠨᠢ ᠮᠤᠩᠭ᠋ᠤᠯ ᠤᠯᠤᠰ ᠤᠨ ᠬᠦᠭ᠍ᠵᠢᠯᠲᠠ ᠪᠠ ᠪᠠᠶᠢᠭᠤᠯᠤᠯᠲᠠ ᠳ᠋ᠤ ᠬᠠᠪᠰᠤᠷᠤᠯᠭ᠎ᠠ ᠲᠡᠮᠵᠢᠯᠭᠡ ᠪᠤᠯᠤᠭᠰᠠᠨ ᠭᠡᠵᠡᠢ᠃

    ᠪᠠᠲᠤᠲᠤᠯᠭ᠎ᠠ ᠪᠠᠶᠠᠷ ᠤᠨ ᠵᠠᠬᠢᠶᠠᠨ ᠳ᠋ᠠᠭᠠᠨ᠂ ᠬᠤᠶᠠᠷ ᠲᠠᠯ᠎ᠠ ᠪᠡᠷ ᠶᠢᠡᠨ ᠬᠠᠮᠲᠤ ᠶᠢᠨ ᠠᠰᠢᠭ ᠲᠤᠰᠠ ᠶᠢ ᠬᠦᠨᠳᠦᠳᠭᠡᠬᠦ ᠵᠠᠷᠴᠢᠮ ᠤᠨ ᠰᠠᠭᠤᠷᠢᠨ ᠲᠡᠭᠡᠷ᠎ᠡ ᠮᠤᠩᠭ᠋ᠤᠯ ᠲᠤᠮᠲᠠᠲᠤ ᠶᠢᠨ ᠪᠦᠬᠦ ᠲᠠᠯ᠎ᠠ ᠶᠢᠨ ᠰᠲ᠋ᠷᠠᠲ᠋ᠢᠬᠢ ᠶᠢᠨ ᠲᠦᠩᠰᠢᠯᠡᠯ ᠤᠨ ᠬᠠᠷᠢᠯᠴᠠᠭ᠎ᠠ ᠶᠢ ᠲᠠᠰᠤᠷᠠᠯᠲᠠ ᠦᠭᠡᠢ ᠠᠬᠢᠭᠤᠯᠤᠨ᠎ᠠ ᠭᠡᠵᠦ ᠲᠡᠮᠲᠡᠭᠯᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121753454