蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ ᠤᠨ 30 ᠳ᠋ᠡᠬᠢ ᠶᠡᠷᠦᠩᠬᠡᠢ ᠰᠠᠶᠢᠳ ᠶᠢᠡᠷ ᠬᠦᠷᠡᠯᠰᠦ᠋ᠬᠡ ᠲᠤᠮᠢᠯᠠᠭᠲᠠᠪᠠ

2017-10-05 12:07

    ᠰᠢᠨᠬᠤᠧᠠ ᠬᠤᠷᠢᠶ᠎ᠠ   ᠤᠯᠠᠭᠠᠨᠪᠠᠭᠠᠲᠤᠷ ᠤᠨ 10 ᠰᠠᠷ᠎ᠠ ᠶᠢᠨ 4 ᠤ᠋ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠠᠰᠬᠠᠨ )4 ᠤ᠋ ᠡᠲᠦᠷ ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ ᠤᠨ ᠨᠠᠮᠤᠷ ᠤᠨ ᠨᠢᠭᠡᠲᠦᠭᠰᠡᠨ ᠴᠢᠭᠤᠯᠭᠠᠨ ᠤ ᠠᠩᠬᠠᠲᠤᠭᠠᠷ ᠤᠲᠠᠭᠠᠨ ᠤ ᠬᠤᠷᠠᠯ ᠪᠤᠯᠵᠤ᠂ ᠰᠢᠲᠠᠷ ᠰᠠᠶᠢᠳ ᠤᠨ ᠡᠭᠦᠷᠭᠡ ᠭᠦᠢᠴᠡᠳᠭᠡᠭ᠍ᠴᠢ  ᠬᠦᠷᠡᠯᠰᠦ᠋ᠬᠡ ᠶᠢ ᠮᠤᠩᠭ᠋ᠤᠯ ᠤᠯᠤᠰ ᠤᠨ 30 ᠳ᠋ᠡᠬᠢ ᠶᠡᠷᠦᠩᠬᠡᠢ ᠰᠠᠶᠢᠳ ᠶᠢᠡᠷ ᠲᠤᠮᠢᠯᠠᠪᠠ᠃

    ᠮᠦᠨ ᠡᠲᠦᠷ ᠪᠤᠯᠤᠭᠰᠠᠨ ᠬᠤᠷᠠᠯ ᠳ᠋ᠤ ᠮᠤᠩᠭ᠋ᠤᠯ ᠤᠯᠤᠰ ᠤᠨ ᠶᠡᠷᠦᠩᠬᠡᠶᠢᠯᠡᠭᠴᠢ ᠪᠠᠲᠤᠲᠤᠯᠭ᠎ᠠ ᠤᠷᠤᠯᠴᠠᠵᠤ ᠬᠦᠷᠡᠯᠰᠦ᠋ᠬᠡ ᠶᠢᠨ ᠲᠤᠬᠠᠢ ᠲᠠᠨᠢᠯᠴᠠᠭᠤᠯᠤᠯ᠎ᠠ᠃ ᠲᠡᠷᠡᠪᠡᠷ ᠬᠦᠷᠡᠯᠰᠦ᠋ᠬᠡ ᠪᠤᠯ ᠬᠠᠦᠯᠢ ᠲᠤᠭᠲᠠᠭᠠᠮᠵᠢ ᠰᠢᠲᠤᠷᠭᠤ ᠶᠤᠰᠤ ᠶᠢ ᠡᠷᠬᠢᠮᠯᠡᠲᠡᠭ ᠶᠡᠷᠦᠩᠬᠡᠶ ᠰᠠᠶᠢᠳ ᠪᠠᠶᠢᠵᠤ ᠴᠢᠲᠠᠨ᠎ᠠ ᠭᠡᠲᠡᠭ ᠲᠤ ᠢᠲᠡᠭᠡᠯ ᠲᠠᠢ ᠪᠠᠶᠢᠨ᠎ᠠ᠂ ᠬᠦᠷᠡᠯᠰᠦ᠋ᠬᠡ ᠪᠡᠷ ᠲᠤᠯᠤᠭᠠᠶᠢᠯᠠᠭᠤᠯᠤᠭᠰᠠᠨ ᠮᠤᠩᠭ᠋ᠤᠯ ᠤᠯᠤᠰ ᠤᠨ ᠵᠠᠰᠠᠭ ᠤᠨ ᠭᠠᠵᠠᠷ ᠲᠠᠢ ᠶᠡᠷᠦᠩᠬᠡᠶᠢᠯᠡᠭᠴᠢ ᠮᠢᠨᠦ ᠪᠠᠶ᠎ᠠ ᠬᠠᠮᠲᠤᠷᠠᠨ ᠠᠵᠢᠯᠯᠠᠬᠤ ᠲᠤᠷᠠᠲᠠᠢ ᠪᠠᠶᠢᠨ᠎ᠠ ᠭᠡᠵᠡᠢ᠃

    ᠤᠯᠤᠰ ᠤᠨ ᠶᠡᠬᠡ ᠬᠤᠷᠠᠯ ᠡᠴᠡ ᠮᠤᠩᠭ᠋ᠤᠯ ᠤᠯᠤᠰ ᠤᠨ ᠶᠡᠷᠦᠩᠬᠡᠢ ᠰᠠᠶᠢᠳ ᠶᠢᠡᠷ ᠲᠤᠮᠢᠯᠠᠭᠰᠠᠨ ᠤ ᠲᠠᠷᠠᠭ᠎ᠠ ᠬᠦᠷᠡᠯᠰᠦ᠋ᠬᠡ ᠦᠭᠡ ᠶᠠᠷᠢᠭᠰᠠᠨ ᠶᠤᠮ᠃ ᠲᠡᠷᠡᠪᠡᠷ ᠬᠡᠵᠢᠶᠠᠲᠠ ᠠᠷᠠᠳ ᠲᠦᠮᠡᠨ ᠲᠠᠢ ᠪᠠᠨ ᠬᠠᠮᠲᠤ ᠪᠠᠶᠢᠵᠤ᠂ ᠵᠠᠰᠠᠭ ᠤᠨ ᠭᠠᠵᠠᠷ ᠤᠨ ᠠᠪᠯᠢᠭ᠎ᠠ ᠬᠡᠬᠡᠯᠢ ᠬᠠᠬᠤᠤᠯᠢ ᠲᠠᠢ ᠬᠠᠲᠠᠭᠤ ᠲᠡᠮᠡᠴᠡᠨ᠎ᠡ᠃ ᠬᠠᠦᠯᠢ ᠲᠤᠭᠲᠠᠭᠠᠮᠵᠢ ᠪᠤᠯ ᠰᠢᠨ᠎ᠡ ᠵᠠᠰᠠᠭ ᠤᠨ ᠭᠠᠵᠠᠷ ᠤᠨ ᠬᠠᠮᠤᠭ ᠤᠨ ᠲᠡᠭᠡᠳᠦ ᠠᠵᠢᠯᠯᠠᠭᠠᠨ ᠤ ᠵᠠᠷᠴᠢᠮ ᠪᠤᠯᠤᠨ᠎ᠠ ᠭᠡᠵᠡᠢ᠃

    ᠬᠦᠷᠡᠯᠰᠦ᠋ᠬᠡ 1968 ᠤᠨ ᠳ᠋ᠤ ᠤᠯᠠᠭᠠᠨᠪᠠᠭᠠᠲᠤᠷ ᠬᠤᠲᠠ ᠳ᠋ᠤ ᠲᠦᠷᠦᠪᠡ᠂ ᠤᠤᠯ ᠨᠢ ᠮᠤᠩᠭ᠋ᠤᠯ ᠠᠷᠠᠳ ᠤᠨ ᠨᠠᠮ ᠤᠨ ᠶᠡᠷᠦᠩᠬᠡᠢ ᠨᠠᠷᠢᠨ ᠪᠢᠴᠢᠭ᠌ ᠤᠨ ᠲᠠᠷᠤᠭ᠎ᠠ᠂ ᠮᠤᠩ᠋ᠭᠤᠯ ᠤᠯᠤᠰ ᠤᠨ ᠵᠠᠰᠠᠭ ᠤᠨ ᠭᠠᠵᠠᠷ ᠤᠨ ᠰᠢᠲᠠᠷ ᠰᠠᠶᠢᠳ ᠵᠡᠷᠭᠡ ᠨᠠᠮ ᠵᠠᠰᠠᠭ ᠤᠨ ᠴᠢᠬᠤᠯᠠ ᠲᠤᠰᠢᠶᠠᠯ ᠢ ᠡᠭᠦᠷᠭᠡᠯᠡᠵᠦ ᠪᠠᠶᠢᠵᠠᠢ᠃

    8 ᠰᠠᠷ᠎ᠠ ᠶᠢᠨ 23 ᠤ᠋᠋ ᠡᠲᠦᠷ ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ ᠤᠨ ᠠᠷᠠᠳ ᠤᠨ ᠨᠠᠮ ᠤᠨ 30 ᠭᠡᠰᠢᠬᠦᠨ ᠨᠡᠷ᠎ᠡ ᠬᠤᠯᠪᠤᠭᠠᠯᠠᠨ ᠡᠷᠳᠡᠨᠢᠪᠡᠲᠦ ᠶᠢᠨ ᠶᠡᠷᠦᠩᠬᠡᠢ ᠰᠠᠶᠢᠳ ᠤᠨ ᠠᠯᠪᠠᠨ ᠲᠤᠰᠢᠶᠠᠯ ᠢ ᠤᠭᠴᠠᠷᠠᠭᠤᠯᠬᠤ ᠲᠤᠬᠠᠢ ᠰᠠᠨᠠᠯ ᠲᠤᠷᠠᠲᠤᠭᠰᠠᠨ ᠶᠤᠮ᠃ ᠲᠡᠳᠡᠨᠡᠷ ᠰᠠᠨᠠᠯ ᠳ᠋ᠠᠭᠠᠨ᠂ ᠡᠷᠳᠡᠨᠢᠪᠡᠲᠦ ᠶᠢᠨ ᠵᠠᠰᠠᠭ ᠤᠨ ᠭᠠᠵᠠᠷ ᠡᠷᠬᠡ ᠶᠢᠨ ᠶᠢᠡᠨ ᠬᠡᠪᠴᠢᠶᠠᠨ ᠡᠴᠡ ᠲᠠᠪᠠᠭᠰᠠᠨ ᠡᠯ᠎ᠡ ᠲᠦᠷᠦᠯ ᠤᠨ ᠲᠤᠭᠲᠠᠭᠠᠯ ᠭᠠᠷᠭᠠᠵᠤ᠂ ᠤᠯᠤᠰ ᠤᠨ ᠬᠠᠦᠯᠢ ᠶᠢ ᠨᠤᠴᠢᠲᠠᠢ ᠵᠦᠷᠢᠴᠡᠭᠰᠡᠨ᠂ ᠲᠡᠷᠡᠴᠢᠯᠡᠨ ᠤᠯᠤᠰ ᠤᠨ ᠶᠡᠬᠡ ᠬᠤᠷᠠᠯ ᠤᠨ ᠡᠷᠬᠡ ᠳ᠋ᠤ ᠬᠠᠯᠲᠠᠭᠰᠠᠨ ᠭᠡᠵᠡᠢ᠃

    ᠮᠤᠩᠭ᠋ᠤᠯ ᠤᠯᠤᠰ ᠤᠨ ᠤᠯᠤᠰ ᠤᠨ ᠶᠡᠬᠡ ᠬᠤᠷᠠᠯ 9 ᠰᠠᠷ᠎ᠠ ᠶᠢᠨ 7 ᠤ᠋ ᠡᠲᠦᠷ ᠰᠠᠨᠠᠯ ᠦᠭ᠍ᠬᠦᠯᠲᠡ ᠶᠢᠨ ᠳ᠋ᠦᠩ ᠢ ᠦᠨᠳᠦᠰᠦᠯᠡᠨ ᠶᠡᠷᠦᠩᠬᠡᠢ ᠰᠠᠶᠢᠳ ᠡᠷᠳᠡᠨᠢᠪᠡᠲᠦ ᠶᠢᠨ ᠠᠯᠪᠠᠨ ᠲᠤᠰᠢᠶᠠᠯ ᠢ ᠤᠭᠴᠠᠷᠠᠭᠤᠯᠵᠤ᠂ ᠲᠡᠭᠦᠨ ᠤ ᠵᠠᠰᠠᠭ ᠤᠨ ᠭᠠᠵᠠᠷ ᠤᠭᠴᠠᠷᠠᠭᠰᠠᠨ ᠢ ᠲᠤᠩᠬᠠᠭᠯᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121764169