蒙古文网站Logo
ᠰᠢᠨᠬᠤᠸᠠ ᠮᠤᠩᠭ᠋ᠤᠯ ᠨᠧᠲ

ᠫᠠᠺᠢᠰᠲ᠋ᠠᠨ ᠤ ᠠᠮᠢ ᠵᠤᠯᠢᠶᠠᠰᠤᠯᠠᠭᠰᠠᠨ ᠲᠠᠭᠠᠷᠢᠯᠲᠠ ᠶᠢᠨ ᠬᠡᠷᠡᠭ ᠲᠤ 15 ᠬᠦᠮᠦᠨ ᠠᠮᠢ ᠪᠠᠨ ᠠᠯᠲᠠᠪᠠ

2017-10-06 12:07

    ᠰᠢᠨᠬᠤᠧᠠ ᠬᠤᠷᠢᠶ᠎ᠠ   ᠢᠰᠯᠠᠮᠠᠪᠠᠳ᠋ ᠤᠨ 10 ᠰᠠᠷ᠎ᠠ ᠶᠢᠨ 5 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢᠦ ᠲᠢᠶᠠᠨ ) ᠫᠠᠺᠢᠰᠲ᠋ᠠᠨ ᠤ ᠬᠡᠪᠯᠡᠯ ᠮᠡᠲᠡᠭᠡᠯᠡᠯ ᠤᠨ 5 ᠤ ᠡᠲᠦᠷ ᠤᠨ ᠮᠡᠲᠡᠭᠡᠯᠡᠭᠰᠡᠨ ᠢ ᠦᠨᠳᠦᠰᠦᠯᠡᠪᠡᠯ ᠲᠤᠬᠠᠢ ᠶᠢᠨ ᠡᠲᠦᠷ ᠤᠨ ᠤᠷᠤᠢ ᠲᠤᠰ ᠤᠯᠤᠰ ᠤᠨ ᠪᠠᠷᠠᠭᠤᠨ ᠡᠮᠦᠨ᠎ᠡ ᠪᠦᠰᠡ ᠳ᠋ᠤ ᠠᠮᠢ ᠵᠤᠯᠢᠶᠠᠰᠤᠯᠠᠭᠰᠠᠨ ᠲᠠᠭᠠᠷᠢᠯᠲᠠ ᠶᠢᠨ ᠬᠡᠷᠡᠭ ᠡᠭᠦᠰᠴᠦ 15 ᠠᠮᠢ ᠪᠠᠨ ᠠᠯᠲᠠᠪᠠ᠂ 20 ᠭᠠᠷᠤᠢ ᠬᠦᠮᠦᠨ ᠰᠢᠷᠬᠠᠲᠤᠪᠠ ᠭᠡᠵᠡᠢ᠃

    ᠲᠤᠬᠠᠢ ᠶᠢᠨ ᠤᠷᠤᠨ ᠤ ᠬᠡᠪᠯᠡᠯ ᠮᠡᠲᠡᠭᠡᠯᠡᠯ ᠤᠨ ᠮᠡᠲᠡᠭᠡᠯᠡᠭᠰᠡᠨ ᠢ ᠦᠨᠳᠦᠰᠦᠯᠡᠪᠡᠯ ᠡᠨᠡᠬᠦ ᠲᠠᠭᠠᠷᠢᠯᠲᠠ ᠶᠢᠨ ᠬᠡᠷᠡᠭ ᠨᠢ ᠱᠠᠰᠢᠨ ᠤ ᠲᠤᠭᠠᠩ ᠤᠨ ᠬᠠᠵᠠᠭᠤ ᠳ᠋ᠤ ᠡᠭᠦᠰᠪᠡ᠃ ᠬᠡᠷᠡᠭ ᠤᠨ ᠦᠶ᠎ᠠ ᠳ᠋ᠤ ᠲᠤᠭᠠᠩ ᠳ᠋ᠤ ᠠᠲᠠᠭ ᠲᠠᠭᠠᠨ 800 ᠬᠦᠮᠦᠨ ᠪᠠᠶᠢᠭᠰᠠᠨ ᠭᠡᠵᠡᠢ᠃

    ᠲᠤᠬᠠᠢ ᠶᠢᠨ ᠤᠷᠤᠨ ᠤ ᠴᠠᠭᠲᠠᠭᠠᠨ ᠤ ᠬᠢᠨ ᠲᠠᠭᠠᠷᠢᠯᠲᠠ ᠶᠢᠨ ᠬᠡᠷᠡᠭ ᠡᠭᠦᠰᠦᠭᠰᠡᠨ ᠰᠢᠯᠲᠠᠭᠠᠨ ᠤ ᠲᠤᠬᠠᠢ ᠪᠠᠶᠢᠴᠠᠭᠠᠵᠤ ᠪᠠᠶᠢᠨ᠎ᠠ᠃ ᠤᠲᠤᠬᠠᠨ ᠪᠤᠯᠲᠠᠯ᠎ᠠ ᠶᠠᠮᠠᠷ ᠴᠤ ᠵᠤᠬᠢᠶᠠᠨ ᠪᠠᠶᠢᠭᠤᠯᠤᠯᠲᠠ ᠪᠤᠶᠤ ᠬᠤᠪᠢ ᠬᠦᠮᠦᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠤᠲᠤᠷᠬᠠᠶᠢᠯᠠᠭ᠎ᠠ ᠦᠭᠡᠢ᠃

    ᠫᠠᠺᠢᠰᠲ᠋ᠠᠨ ᠤ ᠶᠡᠷᠦᠩᠬᠡᠶᠢᠯᠡᠭᠴᠢ ᠪᠠ ᠶᠡᠷᠦᠩᠬᠡᠢ ᠰᠠᠶᠢᠳ ᠡᠨᠡᠬᠦ ᠲᠠᠭᠠᠷᠢᠯᠲᠠ ᠶᠢᠨ ᠬᠡᠷᠡᠭ ᠢ ᠴᠢᠩᠭ᠋᠎ᠠ ᠪᠤᠷᠤᠭᠤᠰᠢᠶᠠᠵᠤ᠂ ᠡᠨᠲᠡᠭᠰᠡᠳ ᠢ ᠭᠠᠰᠢᠭᠤᠲᠠᠵᠤ ᠪᠠᠶᠢᠭ᠎ᠠ ᠪᠠᠨ ᠢᠯᠡᠷᠬᠡᠶᠢᠯᠡᠪᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121766058