蒙古文网站Logo
ᠰᠢᠨᠬᠤᠸᠠ ᠮᠤᠩᠭ᠋ᠤᠯ ᠨᠧᠲ

ᠠᠮᠧᠷᠢᠺᠠ ᠶᠢᠨ ᠰᠠᠨᠰᠠᠷᠴᠢᠨ ᠰᠠᠷᠠᠨ ᠪᠦᠮᠪᠦᠷᠴᠡᠭ ᠤᠷᠤᠭᠤ ᠲᠠᠬᠢᠨ ᠪᠤᠴᠠᠨ᠎ᠠ ᠭᠡᠵᠦ ᠠᠮᠧᠷᠢᠺᠠ ᠶᠢᠨ ᠲᠡᠳ᠋ ᠶᠡᠷᠦᠩᠬᠡᠶᠢᠯᠡᠭᠴᠢ ᠤᠨᠴᠠᠯᠠᠨ᠎ᠠ

2017-10-06 12:08

    ᠰᠢᠨᠬᠤᠧᠠ ᠬᠤᠷᠢᠶ᠎ᠠ   ᠸᠠᠰᠢᠩᠲ᠋ᠤᠨ ᠤ 10 ᠰᠠᠷ᠎᠎ᠠ ᠶᠢᠨ 5 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢᠨ ᠰᠢᠶᠤᠤ ᠴᠦᠨ ) 5 ᠤ ᠡᠲᠦᠷ ᠠᠮᠧᠷᠢᠺᠠ ᠶᠢᠨ ᠲᠡᠳ᠋ ᠶᠡᠷᠦᠩᠬᠡᠶᠢᠯᠡᠭᠴᠢ ᠤᠨᠴᠠᠯᠠᠬᠤ ᠳ᠋ᠠᠭᠠᠨ ᠠᠮᠧᠷᠢᠺᠠ ᠶᠢᠨ ᠰᠠᠨᠰᠠᠷᠴᠢᠨ ᠰᠠᠷᠠᠨ ᠪᠦᠮᠪᠦᠷᠴᠡᠭ ᠲᠤ ᠲᠠᠬᠢᠨ ᠪᠤᠴᠠᠵᠤ ᠬᠦᠮᠦᠨ ᠲᠦᠷᠦᠯᠬᠢᠲᠡᠨ ᠤ ᠭᠠᠯ ᠭᠠᠷᠠᠭ ᠤᠷᠤᠭᠤ ᠲᠡᠷᠡᠴᠢᠯᠡᠨ ᠨᠡᠩ ᠬᠤᠯᠠ ᠶᠢᠨ ᠠᠶᠠᠨ ᠳ᠋ᠤ ᠮᠤᠷᠲᠠᠬᠤ ᠳ᠋ᠤ ᠰᠠᠭᠤᠷᠢ ᠲᠠᠯᠪᠢᠨ᠎ᠠ ᠭᠡᠵᠡᠢ᠃

    ᠡᠨᠡ ᠤᠨ ᠤ 6 ᠰᠠᠷ᠎ᠠ ᠶᠢᠨ 30 ᠤ ᠡᠲᠦᠷ ᠠᠮᠧᠷᠢᠺᠠ ᠶᠢᠨ ᠶᠡᠷᠦᠩᠬᠡᠶᠢᠯᠡᠭᠴᠢ ᠲᠷᠠᠮᠫ ᠵᠠᠷᠯᠢᠭ ᠪᠠᠭᠤᠯᠭᠠᠵᠤ ᠤᠯᠤᠰ ᠤᠨ ᠰᠠᠨᠰᠠᠷ ᠤᠨ ᠵᠦᠪᠯᠡᠯ ᠢ ᠲᠠᠬᠢᠨ ᠪᠠᠶᠢᠭᠤᠯᠬᠤ ᠪᠡᠷ ᠲᠤᠭᠲᠠᠵᠤ᠂ ᠲᠡᠳ᠋ ᠶᠡᠷᠦᠩᠬᠡᠶᠢᠯᠡᠭᠴᠢ ᠲᠡᠷᠢᠬᠦᠯᠡᠭᠴᠢ ᠶᠢᠨ ᠠᠵᠢᠯ ᠢ ᠬᠠᠷᠢᠭᠤᠴᠠᠬᠤ ᠪᠡᠷ ᠪᠤᠯᠪᠠ᠃ ᠭᠤᠤᠯᠲᠠᠭᠤ ᠤᠯᠤᠰ ᠤᠨ ᠰᠠᠨᠰᠠᠷ ᠤᠨ ᠲᠦᠷᠦ ᠶᠢᠨ ᠪᠤᠲᠤᠯᠭ᠎ᠠ᠂ ᠪᠠᠶᠢᠯᠲᠤᠬᠤ ᠪᠤᠲᠤᠯᠭ᠎ᠠ ᠲᠤᠭᠲᠠᠭᠠᠬᠤ ᠳ᠋ᠤ ᠶᠡᠷᠦᠩᠬᠡᠶᠢᠯᠡᠭᠴᠢ ᠳ᠋ᠤ ᠰᠠᠨᠠᠯ ᠲᠤᠷᠠᠳᠬᠤ ᠶᠢᠨ ᠬᠠᠮᠲᠤ ᠶᠡᠷᠦᠩᠬᠡᠶᠢᠯᠡᠭᠴᠢ ᠶᠢᠨ ᠠᠵᠢᠯ ᠢ ᠬᠠᠮᠵᠢᠨ ᠲᠤᠰᠠᠯᠠᠨ᠎ᠠ᠃

    ᠰᠡᠬᠦᠯ ᠤᠨ ᠦᠶ᠎ᠠ ᠳ᠋ᠤ ᠠᠮᠧᠷᠢᠺᠠ ᠶᠢᠨ ᠰᠠᠨᠰᠠᠷ ᠤᠨ ᠲᠤᠪᠴᠢᠶ᠎ᠠ ᠡᠴᠡ ᠰᠠᠨᠰᠠᠷ ᠤᠭᠲᠠᠷᠭᠤᠢ ᠶᠢ ᠬᠠᠶᠢᠨ ᠰᠦᠪᠡᠭ᠍ᠴᠢᠯᠡᠬᠦ ᠭᠤᠷᠪᠠᠨ ᠠᠯᠬᠤᠮ ᠲᠤᠷᠠᠳᠪᠠ᠃ ᠲᠤᠲᠤᠷᠠᠭᠤᠯᠪᠠᠯ᠂ ᠡᠬᠢᠨ ᠤ ᠠᠯᠬᠤᠮ ᠳ᠋ᠤ ᠤᠯᠠᠨ ᠤᠯᠤᠰ ᠤᠨ ᠰᠠᠨᠰᠠᠷ ᠤᠨ ᠦᠷᠲᠡᠭᠡ ᠶᠢ ᠲᠤᠷᠰᠢᠯᠲᠠ ᠪᠠ ᠰᠤᠲᠤᠯᠭᠠᠨ ᠤ ᠲᠠᠪᠴᠠᠩ ᠪᠤᠯᠭᠠᠵᠤ ᠲᠠᠷᠠᠭᠠᠴᠢ ᠪᠡᠷ 2024 ᠤᠨ ᠤ ᠦᠶ᠎ᠠ ᠪᠡᠷ ᠰᠠᠷᠠᠨ ᠪᠦᠮᠪᠦᠷᠴᠡᠭ ᠤᠨ ᠲᠤᠭᠤᠷᠢᠯᠲᠠ ᠶᠢᠨ ᠵᠠᠮ ᠳ᠋ᠤ ᠭᠠᠷᠠᠮ ᠪᠠᠶᠢᠭᠤᠯᠤᠨ᠎ᠠ᠂ ᠬᠠᠮᠤᠭ ᠤᠨ ᠰᠡᠬᠦᠯ ᠳ᠋ᠤ 2033 ᠤᠨ ᠳ᠋ᠤ ᠭᠠᠯ ᠭᠠᠷᠠᠭ ᠤᠨ ᠲᠤᠭᠤᠷᠢᠯᠲᠠ ᠶᠢᠨ ᠵᠠᠮ ᠳ᠋ᠤ ᠬᠦᠷᠦᠨ᠎ᠡ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121766063