蒙古文网站Logo
ᠰᠢᠨᠬᠤᠸᠠ ᠮᠤᠩᠭ᠋ᠤᠯ ᠨᠧᠲ

ᠰᠦᠲᠠᠨ ᠤ ᠶᠡᠷᠦᠩᠬᠡᠶᠢᠯᠡᠭᠴᠢ ᠲᠠᠶᠢᠲᠤᠬᠤ ᠪᠠᠨ ᠵᠤᠭᠰᠤᠬᠤ ᠬᠤᠭᠤᠴᠠᠭ᠎ᠠ ᠶᠢ 12 ᠰᠠᠷ᠎ᠠ ᠬᠦᠷᠲᠡᠯ᠎ᠡ ᠤᠷᠲᠤᠳᠬᠠᠨ᠎ᠠ ᠭᠡᠵᠦ ᠤᠨᠴᠠᠯᠠᠵᠠᠢ

2017-10-09 17:19

    ᠰᠢᠨᠬᠤᠧᠠ ᠬᠤᠷᠢᠶ᠎ᠠ   ᠺᠠᠷᠲ᠋ᠦ᠋ᠮ ᠤᠨ 10 ᠰᠠᠷ᠎ᠠ ᠶᠢᠨ 8 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠮᠠ ᠢ ᠴᠦᠩ ) ᠰᠦᠳ᠋ᠠᠨ ᠤ ᠬᠡᠪᠯᠡᠯ ᠮᠡᠲᠡᠭᠡᠯᠡᠯ ᠤᠨ 8 ᠤ ᠡᠲᠦᠷ ᠮᠡᠲᠡᠭᠡᠯᠡᠭᠰᠡᠨ ᠮᠡᠲᠡᠭᠡᠯᠡᠯ ᠢ ᠦᠨᠳᠦᠰᠦᠯᠡᠪᠡᠯ ᠲᠤᠬᠠᠢ ᠶᠢᠨ ᠤᠷᠤᠢ ᠰᠦᠲᠠᠨ ᠤ ᠶᠡᠷᠦᠩᠬᠡᠶᠢᠯᠡᠭᠴᠢ ᠪᠠᠱᠢᠷ ᠮᠦᠷᠭᠦᠯᠲᠦᠭᠡᠨ ᠤ ᠤᠷᠤᠨ ᠪᠦᠰᠡ ᠶᠢᠨ ᠭᠠᠭᠴᠠ ᠲᠠᠯ᠎ᠠ ᠶᠢᠨ ᠲᠠᠶᠢᠲᠤᠬᠤ ᠪᠠᠨ ᠵᠤᠭᠰᠤᠬᠤ ᠬᠤᠭᠤᠴᠠᠭ᠎ᠠ ᠶᠢ ᠡᠨᠡ ᠤᠨ ᠤ 12 ᠰᠠᠷ᠎ᠠ ᠬᠦᠷᠲᠡᠯ᠎ᠡ ᠤᠷᠲᠤᠳᠬᠠᠨ᠎ᠠ ᠭᠡᠵᠦ ᠤᠨᠴᠠᠯᠠᠵᠠᠢ᠃

    2011 ᠤᠨ ᠡᠴᠡ ᠡᠬᠢᠯᠡᠨ ᠰᠦᠲᠠᠨ ᠤ ᠴᠡᠷᠢᠭ ᠤᠨ ᠬᠢᠨ ᠡᠰᠡᠷᠭᠦᠴᠡᠭᠴᠢ ᠪᠦᠯᠦᠭᠲᠡᠨ《ᠰᠦᠲᠠᠨ ᠤ ᠠᠷᠠᠳ ᠤᠨ ᠴᠢᠯᠦᠭᠡᠯᠡᠯᠲᠡ ᠶᠢᠨ ᠬᠦᠲᠡᠯᠭᠡᠭᠡᠨ》 ᠲᠠᠢ ᠲᠠᠶᠢᠲᠤᠵᠠᠢ᠃ 2014 ᠤᠨ ᠤ 1 ᠰᠠᠷ᠎ᠠ ᠡᠴᠡ ᠡᠬᠢᠯᠡᠨ ᠤᠷᠲᠤ ᠬᠤᠭᠤᠴᠠᠭ᠎ᠠ ᠦᠷᠬᠦᠯᠵᠢᠯᠡᠭᠰᠡᠨ ᠵᠡᠪᠰᠡᠭᠲᠦ ᠮᠦᠷᠭᠦᠯᠲᠦᠭᠡᠨ ᠢ ᠲᠤᠶᠢᠯᠪᠤᠷᠢᠲᠠᠢ ᠰᠢᠢᠳᠪᠦᠷᠢᠯᠡᠵᠦ᠂ ᠡᠶ᠎ᠡ ᠨᠠᠶᠢᠷᠠᠮᠲᠠᠯ ᠲᠠᠢ ᠪᠠᠶᠢᠲᠠᠯ ᠢ ᠪᠤᠢ ᠪᠤᠯᠭᠠᠬᠤ ᠪᠡᠷ ᠪᠠᠱᠢᠷ ᠬᠡᠯᠡᠯᠴᠡᠭᠡ ᠬᠢᠬᠦ ᠠᠬᠢᠴᠠ ᠪᠠᠨ ᠲᠦᠷᠭᠡᠳᠭᠡᠪᠡ᠃

    2016 ᠤᠨ ᠤ 6 ᠰᠠᠷ᠎ᠠ ᠳ᠋ᠤ ᠪᠠᠱᠢᠷ ᠭᠠᠭᠴᠠ ᠲᠠᠯ᠎᠎ᠡ ᠪᠡᠷ 4 ᠰᠠᠷ᠎ᠠ ᠲᠠᠶᠢᠲᠤᠬᠤ ᠪᠠᠨ ᠵᠤᠭᠰᠤᠪᠠ᠃ ᠮᠦᠨ ᠤᠨ ᠤ 10 ᠰᠠᠷ᠎ᠠ ᠳ᠋ᠤ ᠲᠠᠬᠢᠨ ᠬᠤᠶᠠᠷ ᠰᠠᠷ᠎ᠠ ᠤᠷᠲᠤᠳᠬᠠᠨ ᠤᠯᠤᠰ ᠲᠠᠶᠠᠭᠠᠷ ᠤᠨ ᠬᠡᠪᠴᠢᠶᠠᠨ ᠳ᠋ᠤ ᠬᠡᠯᠡᠯᠴᠡᠭᠡ ᠬᠢᠪᠡ᠃ 2016 ᠤᠨ ᠤ 12 ᠰᠠᠷ᠎ᠠ ᠶᠢᠨ 31 ᠤ ᠡᠲᠦᠷ ᠲᠠᠬᠢᠨ ᠨᠢᠭᠡ ᠰᠠᠷ᠎ᠠ ᠤᠷᠲᠤᠳᠬᠠᠪᠠ᠃ 2017 ᠤᠨ ᠤ 1 ᠰᠠᠷ᠎ᠠ ᠳ᠋ᠤ ᠰᠦᠲᠠᠨ ᠤ ᠵᠠᠰᠠᠭ ᠤᠨ ᠭᠠᠵᠠᠷ ᠡᠴᠡ ᠲᠠᠶᠢᠲᠤᠬᠤ ᠪᠠᠨ ᠵᠤᠭᠰᠤᠬᠤ ᠶᠢ ᠪᠠᠰᠠ ᠲᠠᠬᠢᠨ 6 ᠰᠠᠷ᠎ᠠ ᠤᠷᠲᠤᠳᠬᠠᠪᠠ᠃ 7 ᠰᠠᠷ᠎ᠠ ᠶᠢᠨ 2 ᠤᠨ ᠡᠲᠦᠷ ᠪᠠᠱᠢᠷ ᠲᠠᠶᠢᠲᠤᠬᠤ ᠪᠠᠨ ᠵᠤᠭᠰᠤᠬᠤ ᠶᠢ ᠲᠠᠬᠢᠨ 10 ᠡᠲᠦᠷ ᠤᠷᠲᠤᠳᠬᠠᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121775839