蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠡᠴᠡ ᠮᠣᠩᠭ᠋ᠤᠯ ᠤᠯᠤᠰ ᠲᠤ ᠪᠤᠭᠤᠮᠲᠠ ᠶᠢᠨ ᠪᠠᠶᠢᠴᠠᠭᠠᠯᠲᠠ ᠶᠢᠨ ᠲᠦᠬᠦᠭᠡᠷᠦᠮᠵᠢ ᠦᠨ᠎ᠠ ᠲᠦᠯᠦᠪᠦᠷᠢ ᠦᠬᠡᠢ ᠪᠡᠷ ᠬᠦᠷᠭᠡᠪᠡ

2017-10-10 10:35

    ᠰᠢᠨᠬᠤᠧᠠ ᠬᠤᠷᠢᠶ᠎ᠠ  ᠤᠯᠠᠭᠠᠨᠪᠠᠭᠠᠲᠤᠷ ᠤᠨ 10 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠠᠰᠬᠠᠨ) ᠳᠤᠮᠳᠠᠳᠤ ᠤᠯᠤᠰ ᠤᠨ ᠵᠠᠰᠠᠭ ᠤᠨ ᠭᠠᠵᠠᠷ 9 ᠤ ᠡᠳᠦᠷ ᠮᠣᠩᠭ᠋ᠤᠯ ᠤᠯᠤᠰ ᠤᠨ ᠪᠤᠭᠤᠮᠲᠠ ᠳᠤ ᠴᠢᠩᠬᠡᠯᠢ᠍ᠭ᠌ ᠤᠨ ᠪᠠᠶᠢᠴᠠᠭᠠᠯᠲᠠ ᠶᠢᠨ ᠲᠦᠭᠦᠭᠡᠷᠦᠮᠵᠢ ᠪᠤᠯᠤᠨ ᠮᠠᠰᠢᠨ ᠤ ᠪᠠᠶᠢᠴᠠᠭᠠᠯᠲᠠ ᠶᠢᠨ ᠲᠦᠭᠦᠬᠡᠷᠦᠮᠵᠢ ᠦᠨ᠎ᠠ ᠲᠦᠯᠦᠪᠦᠷᠢ ᠦᠬᠡᠢ ᠪᠡᠷ ᠬᠦᠷᠭᠡᠪᠡ᠃

    ᠲᠤᠰ ᠡᠳᠦᠷ᠂ ᠮᠣᠩᠭ᠋ᠤᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠲᠤ ᠶᠠᠪᠤᠭᠳᠠᠬᠰᠠᠨ ᠲᠦᠬᠦᠭᠡᠷᠦᠮᠵᠢ ᠰᠢᠯᠵᠢᠬᠦᠯᠦᠨ ᠥᠭ᠍ᠭᠥ ᠠᠵᠢᠯᠯᠠᠭ᠎ᠠ ᠳᠤ᠂ ᠳᠤᠮᠳᠠᠳᠤ ᠤᠯᠤᠰ ᠡᠴᠡ ᠮᠣᠩ᠋ᠭᠤᠯ ᠤᠯᠤᠰ ᠲᠤ ᠰᠠᠭᠤᠭ᠎ᠠ ᠡᠯᠴᠢᠨ ᠰᠠᠶᠢᠳ ᠰᠢᠩ ᠬᠠᠢ ᠮᠢᠩ᠂ ᠲᠤᠮᠲᠠᠲᠤ ᠮᠤᠩᠭ᠋ᠤᠯ ᠪᠤᠯ ᠬᠢᠯᠢ ᠵᠠᠯᠭᠠᠯᠳᠤᠭᠰᠠᠨ ᠨᠦᠬᠦᠷᠰᠡᠭ ᠬᠦᠷᠰᠢ᠂ ᠰᠠᠶᠢᠨ ᠲᠦᠩᠰᠢ ᠶᠤᠮ᠃ ᠰᠡᠬᠦᠯ ᠤᠨ ᠵᠢᠯ ᠤᠳ ᠲᠤ᠂ ᠳᠤᠮᠳᠠᠳᠤ ᠮᠣᠩ᠋ᠭᠤᠯ ᠬᠤᠶᠠᠷ ᠤᠯᠤᠰ ᠤᠨ ᠡᠯ᠎ᠠ ᠬᠦᠷᠢᠶ᠎ᠠ ᠴᠠᠷᠠᠭᠠᠨ ᠳᠡᠬᠢ ᠬᠠᠮᠳᠤᠷᠠᠯᠴᠠᠭ᠎ᠠ ᠪᠦᠬᠦ ᠲᠠᠯ᠎ᠠ ᠪᠡᠷ ᠠᠬᠢᠪᠠ᠂ ᠳᠤᠮᠳᠠᠳᠤ ᠤᠯᠤᠰ ᠤᠯᠠᠨ ᠵᠢᠯ ᠳᠠᠷᠠᠭᠠᠯᠠᠨ ᠮᠤᠩᠭ᠋ᠤᠯ ᠤᠯᠤᠰ ᠤᠨ ᠨᠢᠬᠡᠳᠤᠭᠡᠷ ᠶᠡᠬᠡ ᠠᠷᠠᠯᠵᠢᠶᠠᠨ ᠤ ᠲᠦᠩᠰᠢ ᠪᠤᠯᠵᠤ᠂ ᠬᠤᠶᠠᠷ ᠤᠯᠤᠰ ᠤᠨ ᠬᠤᠭᠤᠷᠤᠨᠳᠤᠬᠢ ᠲᠠᠧᠠᠷ ᠤᠨ ᠠᠷᠠᠯᠵᠢᠶ᠎ᠠ ᠦᠷᠭᠡᠳᠴᠦ ᠢᠷᠭᠡᠳ ᠤᠨ ᠶᠠᠪᠤᠯᠴᠠᠭ᠎ᠠ ᠤᠯᠠᠰᠢᠷᠠᠪᠠ ᠬᠡᠵᠡᠢ᠃

    ᠰᠢᠩ ᠬᠠᠢ ᠮᠢᠩ᠂ ᠮᠤᠩᠭ᠋ᠤᠯ ᠤᠨ ᠲᠠᠯ᠎ᠠ ᠶᠢᠨ ᠱᠠᠭᠠᠷᠳᠠᠯᠭ᠎ᠠ ᠪᠡᠷ ᠲᠤᠮᠳᠠᠳᠤ ᠤᠯᠤᠰ ᠤᠨ ᠵᠠᠰᠠᠭ ᠤᠨ ᠭᠠᠵᠠᠷ ᠡᠴᠡ ᠮᠤᠩᠭ᠋ᠤᠯ ᠤᠯᠤᠰ ᠲᠤ ᠦᠨ᠎ᠡ ᠲᠦᠯᠦᠪᠦᠷᠢ ᠦᠭᠡᠢ ᠬᠦᠷᠭᠡᠵᠤ ᠲᠤᠮᠳᠠᠳᠤ ᠮᠤᠩᠭ᠋ᠤᠯ ᠤᠷᠤᠰ ᠤᠨ ᠡᠳ᠋ ᠤᠨ ᠵᠠᠰᠠᠭ ᠤᠨ ᠬᠤᠩᠬᠢᠯ ᠤᠨ ᠤᠯᠠᠭᠠᠨᠪᠠᠭᠠᠳᠤᠷ᠂ ᠵᠠᠮ ᠤᠨ ᠡᠬᠦᠳᠡ ᠵᠡᠷᠬᠡ ᠪᠤᠭᠤᠮᠳᠠ ᠳᠤ ᠲᠤᠬᠢᠷᠠᠭᠤᠯᠤᠭᠰᠠᠨ ᠤᠯᠠᠨ ᠢᠵᠢ ᠪᠤᠭᠤᠮᠳᠠ ᠶᠢᠨ ᠪᠠᠶᠢᠴᠠᠭᠠᠯᠳᠠ ᠶᠢᠨ ᠲᠦᠭᠦᠭᠡᠷᠦᠮᠵᠢ ᠨᠢ ᠲᠤᠮᠳᠠᠳᠤ ᠤᠯᠤᠰ ᠤᠨ ᠪᠡᠶᠡᠴᠢᠯᠡᠨ ᠡᠬᠦᠳᠦᠭᠰᠡᠨ ᠲᠡᠷᠢᠬᠦᠨ ᠤ ᠪᠦᠲᠦᠭᠡᠭ᠍ᠳᠡᠬᠦᠨ ᠪᠤᠯᠤᠨ᠎ᠠ᠃ ᠡᠳᠡᠬᠡᠷ ᠨᠢ ᠮᠤᠩᠭ᠋ᠤᠯ ᠤᠯᠤᠰ ᠤᠨ ᠪᠤᠭᠤᠮᠳᠠ ᠶᠢᠨ ᠴᠢᠳᠠᠮᠵᠢ ᠪᠤᠯᠤᠨ ᠠᠷᠠᠯᠵᠢᠶᠠᠨ ᠤ ᠲᠦᠳᠡᠴᠢᠯᠡᠯᠳᠡ ᠶᠢ ᠲᠠᠰᠤᠷᠠᠯᠳᠠ ᠦᠭᠡᠢ ᠲᠡᠭᠡᠭ᠍ᠰᠢᠯᠡᠬᠦᠯᠵᠤ᠂ ᠲᠤᠮᠳᠠᠳᠤ ᠮᠤᠩᠭ᠋ᠤᠯ ᠤᠷᠤᠰ ᠤᠨ ᠡᠳ᠋ ᠤᠨ ᠵᠠᠰᠠᠭ ᠤᠨ ᠬᠤᠩᠬᠢᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠶᠢ ᠲᠤᠮᠳᠠᠳᠤ ᠶᠢᠨ ᠲᠠᠯ᠎ᠠ ᠬᠦᠰᠡᠵᠤ ᠪᠠᠶᠢᠨ᠎ᠠ ᠬᠡᠪᠡ᠃

    ᠲᠤᠰ ᠡᠳᠤᠷ ᠤᠨ ᠠᠵᠢᠯᠯᠠᠭ᠎ᠠ ᠳᠤ ᠤᠷᠤᠯᠴᠠᠭᠰᠠᠨ ᠮᠤᠩᠭ᠋ᠤᠯ ᠤᠯᠤᠰ ᠤᠨ ᠪᠤᠭᠤᠮᠳᠠ ᠶᠢᠨ ᠶᠡᠷᠦᠩᠬᠡᠢ ᠲᠤᠪᠴᠢᠶᠠᠨ ᠤ ᠲᠠᠷᠤᠭ᠎ᠠ ᠠᠰᠠᠷᠠᠯᠳᠤ ᠮᠤᠩᠭ᠋ᠤᠯ ᠤᠯᠤᠰ ᠤᠨ ᠪᠤᠭᠤᠮᠳᠠ ᠶᠢᠨ ᠦᠢᠯᠡᠰ ᠲᠤ ᠲᠤᠮᠳᠠᠳᠤ ᠤᠯᠤᠰ ᠤᠨ ᠵᠠᠰᠠᠭ ᠤᠨ ᠭᠠᠵᠠᠷ ᠡᠴᠡ ᠦᠵᠡᠬᠦᠯᠦᠭᠰᠡᠨ ᠲᠡᠮᠵᠢᠯᠬᠡ ᠳᠤ ᠲᠠᠯᠠᠷᠬᠠᠪᠠ᠃ ᠲᠡᠷᠡᠪᠡᠷ᠂ ᠲᠤᠮᠳᠠᠳᠤ ᠤᠯᠤᠰ ᠡᠴᠡ ᠬᠦᠷᠭᠡᠭ᠍ᠰᠡᠨ ᠲᠦᠭᠦᠬᠡᠷᠦᠮᠵᠢ ᠨᠢ ᠮᠤᠩᠭ᠋ᠤᠯ ᠤᠯᠤᠰ ᠤᠨ ᠪᠤᠭᠤᠮᠳᠠ ᠶᠢᠨ ᠴᠢᠳᠠᠮᠵᠢ ᠶᠢ ᠶᠡᠬᠡ ᠬᠡᠮᠵᠢᠶ᠎ᠡ ᠪᠡᠷ ᠲᠡᠭᠡᠭ᠍ᠰᠢᠯᠡᠬᠦᠯᠬᠦ ᠪᠤᠯᠤᠨ᠎ᠠ᠃ ᠮᠤᠩᠭ᠋ᠤᠯ ᠤᠯᠤᠰ ᠤᠨ ᠪᠤᠭᠤᠮᠳᠠ ᠶᠢᠨ ᠬᠢᠨ ᠮᠤᠩᠭ᠋ᠤᠯ ᠲᠤᠮᠳᠠᠳᠤ ᠬᠤᠶᠠᠷ ᠤᠯᠤᠰ ᠤᠨ ᠨᠦᠬᠦᠷᠰᠡᠭ ᠬᠠᠮᠳᠤ ᠶᠢᠨ ᠠᠵᠢᠯᠯᠠᠭᠠᠨ ᠳᠤ ᠲᠤᠷᠠᠳᠠᠶ᠎ᠠ ᠬᠦᠴᠦ ᠪᠡᠨ ᠡᠷᠬᠦᠵᠤ᠂ ᠮᠤᠩᠭ᠋ᠤᠯ ᠲᠤᠮᠳᠠᠳᠤ ᠶᠢᠨ ᠡᠳ᠋ ᠤᠨ ᠵᠠᠰᠠᠭ ᠠᠷᠠᠯᠵᠢᠶᠠᠨ ᠤ ᠬᠠᠷᠢᠯᠴᠠᠭ᠎ᠠ ᠪᠤᠯᠤᠨ ᠲᠤᠮᠳᠠᠳᠤ ᠮᠤᠩᠭ᠋ᠤᠯ ᠤᠷᠤᠰ ᠤᠨ ᠡᠳ᠋ ᠤᠨ ᠵᠠᠰᠠᠭ ᠤᠨ ᠬᠤᠩᠬᠢᠯ ᠤᠨ ᠪᠠᠶᠢᠭᠤᠯᠤᠯᠳᠠ ᠳᠤ ᠬᠦᠴᠦᠨ ᠵᠢᠳᠬᠦᠯ ᠢᠶᠡᠨ ᠡᠷᠬᠦᠨ᠎ᠡ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121779093