蒙古文网站Logo
ᠰᠢᠨᠬᠤᠸᠠ ᠮᠤᠩᠭ᠋ᠤᠯ ᠨᠧᠲ

ᠺᠠᠯᠢᠹᠤᠷᠨᠢᠶ᠎ᠠ ᠶᠢᠨ ᠤᠢ ᠶᠢᠨ ᠲᠦᠢᠮᠡᠷ ᠲᠤ 11 ᠬᠦᠮᠦᠨ ᠠᠮᠢ ᠪᠠᠨ ᠠᠯᠲᠠᠵᠤ ᠵᠠᠭᠤ ᠭᠠᠷᠤᠢ ᠬᠦᠮᠦᠨ ᠠᠯᠠᠭ᠎ᠠ ᠪᠤᠯᠪᠠ

2017-10-11 15:56

    ᠰᠢᠨᠬᠤᠧᠠ ᠬᠤᠷᠢᠶ᠎ᠠ    ᠰᠠᠨ ᠹᠠᠷᠨᠨᠰᠢᠰᠺᠤ ᠶᠢᠨ 10 ᠰᠠᠷ᠎ᠠ ᠶᠢᠨ 10 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠡᠦ ᠰᠢᠶᠤᠤ ᠯᠢᠩ ) ᠠᠮᠧᠷᠢᠺᠠ ᠶᠢᠨ ᠺᠠᠯᠢᠹᠤᠷᠨᠢᠶ᠎᠎ᠠ ᠵᠧᠦ ᠶᠢᠨ ᠬᠤᠶᠢᠲᠤ ᠪᠦᠰᠡ ᠳ᠋ᠤ 8 ᠤ ᠡᠲᠦᠷ ᠭᠠᠷᠤᠭᠰᠠᠨ ᠤᠢ ᠶᠢᠨ ᠲᠦᠢᠮᠡᠷ ᠦᠷᠬᠦᠯᠵᠢᠯᠡᠭᠰᠡᠭᠡᠷ ᠪᠠᠶᠢᠨ᠎ᠠ᠃ ᠮᠦᠨ ᠡᠭᠦᠨ ᠡᠴᠡ ᠪᠤᠯᠵᠤ 11 ᠬᠦᠮᠦᠨ ᠠᠮᠢ ᠪᠠᠨ ᠠᠯᠲᠠᠵᠤ ᠵᠠᠭᠤ ᠭᠠᠷᠤᠢ ᠬᠦᠮᠦᠨ ᠠᠯᠠᠭ᠎ᠠ ᠪᠤᠯᠤᠭᠰᠠᠨ ᠭᠡᠵᠦ ᠲᠤᠬᠠᠢ ᠶᠢᠨ ᠤᠷᠤᠨ ᠤ ᠠᠯᠪᠠᠨ ᠲᠤᠰᠢᠶᠠᠯᠲᠠᠨ ᠤᠨᠴᠠᠯᠠᠪᠠ᠃

    ᠤᠲᠤᠬᠠᠨ ᠳ᠋ᠤ ᠺᠠᠯᠢᠹᠤᠷᠨᠢᠶ᠎ᠠ ᠵᠧᠦ ᠶᠢᠨ ᠬᠤᠶᠢᠲᠤ ᠪᠦᠰᠡ ᠶᠢᠨ 7 ᠭᠠᠵᠠᠷ ᠪᠠᠴᠢᠮ ᠪᠠᠶᠢᠲᠠᠯ ᠤᠷᠤᠭᠰᠠᠨ ᠪᠠᠶᠢᠨ᠎ᠠ᠃ ᠵᠧᠦ ᠶᠢᠨ ᠲᠠᠷᠤᠭ᠎ᠠ ᠶᠢᠨ ᠲᠠᠨᠢᠯᠴᠠᠭᠤᠯᠤᠭᠰᠠᠨ ᠶᠢᠡᠷ᠂ 9 ᠤ ᠡᠲᠦᠷ ᠶᠡᠷᠦᠩᠬᠡᠶᠢᠯᠡᠭᠴᠢ ᠲᠷᠠᠮᠫ ᠲᠤ ᠵᠠᠬᠢᠶ᠎ᠠ ᠢᠯᠡᠭᠡᠨ ᠺᠠᠯᠢᠹᠤᠷᠨᠢᠶ᠎ᠠ ᠵᠧᠦ ᠶᠢᠨ ᠤᠢ ᠲᠦᠢᠮᠡᠷ ᠨᠢ ᠬᠦᠨᠳᠦ ᠭᠠᠮᠰᠢᠭ ᠪᠤᠯᠤᠭᠰᠠᠨ ᠢ ᠵᠠᠷᠯᠠᠭᠤᠯᠬᠤ ᠶᠢᠨ ᠬᠠᠮᠳᠤ ᠪᠤᠰᠤᠳ ᠵᠧᠦ ᠶᠢᠨ ᠬᠠᠪᠰᠤᠷᠤᠯᠭ᠎ᠠ ᠲᠡᠮᠵᠢᠯᠭᠡ ᠶᠢ ᠬᠦᠰᠡᠵᠦ ᠪᠠᠶᠢᠬᠤ ᠪᠠᠨ ᠢᠯᠡᠷᠬᠡᠶᠢᠯᠡᠭᠰᠡᠨ ᠶᠤᠮ᠃ ᠲᠡᠷᠡᠪᠡᠷ ᠵᠠᠬᠢᠶᠠᠨ ᠳ᠋ᠠᠭᠠᠨ ᠪᠠᠰᠠ ᠤᠶ ᠶᠢᠨ ᠲᠦᠢᠮᠡᠷ ᠡᠴᠡ ᠪᠤᠯᠵᠤ 2000 ᠢᠯᠡᠬᠦᠦ ᠭᠡᠷ ᠪᠠᠶᠢᠰᠢᠩ ᠰᠢᠲᠠᠵᠤ᠂ ᠤᠯᠠᠨ ᠲᠡᠳ᠋ ᠪᠦᠲᠦᠴᠡ ᠡᠪᠲᠡᠭᠲᠡᠵᠦ᠂ ᠬᠡᠲᠦᠨ ᠲᠦᠮᠡᠨ ᠰᠠᠭᠤᠭᠠᠯᠢ ᠢᠷᠭᠡᠨ ᠤ ᠴᠠᠬᠢᠯᠭᠠᠨ ᠲᠠᠰᠤᠷᠠᠭᠰᠠᠨ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121787282