蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠤᠯᠤᠰ ᠡᠴᠡ ᠪᠦᠬᠦ ᠲᠡᠯᠡᠬᠡᠢ ᠶᠢᠨ ᠡᠳ᠋ ᠤᠨ ᠵᠠᠰᠠᠭ ᠲᠤ ᠦᠵᠡᠬᠦᠯᠦᠭᠰᠡᠨ ᠨᠦᠯᠦᠭᠡ ᠲᠤᠩ ᠴᠢᠬᠤᠯᠠ

2017-10-13 11:28

    ᠠᠮᠧᠷᠢᠺᠠ ᠶᠢᠨ 《ᠸᠤᠯ ᠵᠡᠭᠡᠯᠢ ᠶᠢᠨ ᠡᠲᠦᠷ ᠤᠨ ᠰᠤᠨᠢᠨ》 ᠤ 10 ᠰᠠᠷ᠎ᠠ ᠶᠢᠨ 11 ᠤ ᠡᠲᠦᠷ ᠤᠨ ᠮᠡᠲᠡᠭᠡᠯᠡᠯ ᠢ ᠦᠨᠳᠦᠰᠦᠯᠡᠪᠡᠯ᠂ ᠢᠷᠡᠬᠦ ᠲᠠᠪᠤᠨ ᠤᠨ ᠳ᠋ᠤ ᠲᠤᠮᠲᠠᠲᠤ ᠤᠯᠤᠰ ᠤᠨ ᠬᠦᠭ᠍ᠵᠢᠯᠲᠠ ᠨᠢ ᠪᠦᠬᠦ ᠲᠡᠯᠡᠬᠡᠢ ᠶᠢᠨ ᠵᠠᠬ᠎ᠠ ᠵᠡᠭᠡᠯᠢ ᠪᠠ ᠡᠳ᠋ ᠤᠨ ᠵᠠᠰᠠᠭ ᠲᠤ ᠴᠢᠬᠤᠯᠠ ᠶᠡᠬᠡ ᠨᠦᠯᠦᠭᠡ ᠪᠤᠯᠤᠨ᠎ᠠ᠃ ᠲᠤᠮᠲᠠᠲᠤ ᠤᠯᠤᠰ ᠤᠨ ᠨᠡᠬᠡᠬᠡᠯᠲᠡᠲᠦ ᠡᠳ᠋ ᠤᠨ ᠵᠠᠰᠠᠭ᠂ ᠮᠦᠩᠬᠦᠨ ᠭᠦᠢᠯᠭᠡᠭᠡᠨ ᠤ ᠵᠠᠬ᠎ᠠ ᠵᠡᠭᠡᠯᠢ ᠶᠢᠨ ᠬᠦᠭ᠍ᠵᠢᠯᠲᠠ ᠪᠠ ᠤᠯᠤᠰ ᠠᠷᠠᠳ ᠤᠨ ᠡᠲᠦᠷ ᠢᠷᠡᠬᠦᠶ᠎ᠠ ᠨᠡᠮᠡᠭᠲᠡᠵᠦ ᠪᠠᠶᠢᠭ᠎ᠠ ᠡᠳ᠋ ᠬᠦᠷᠦᠩᠭᠡ ᠨᠢ ᠲᠤᠮᠳᠠᠳᠤ ᠤᠯᠤᠰ ᠢ ᠤᠷᠢᠳ ᠡᠮᠦᠨ᠎ᠡ ᠪᠠᠶᠢᠭ᠎ᠠ ᠦᠭᠡᠢ ᠬᠡᠮᠵᠢᠶ᠎ᠠ ᠪᠡᠷ ᠲᠡᠯᠡᠬᠡᠢ ᠶᠢᠨ ᠪᠤᠰᠤᠳ ᠤᠷᠤᠨ ᠯᠤᠭ᠎ᠠ  ᠠᠭᠤᠰᠤᠯᠴᠠᠭᠤᠯᠵᠠᠢ᠂ ᠪᠦᠬᠦ ᠲᠡᠯᠡᠬᠡᠢ ᠶᠢᠨ ᠡᠳ᠋ ᠤᠨ ᠵᠠᠰᠠᠭ ᠤᠨ ᠬᠦᠭ᠍ᠵᠢᠯᠲᠠ᠂ ᠵᠤᠭᠤᠰᠤᠨ ᠤ ᠬᠢᠮᠲᠠᠷᠠᠯᠲᠠ᠂ ᠠᠵᠢᠯ ᠤᠯᠭᠤᠯᠲᠠ᠂ ᠮᠦᠩᠬᠦᠨ ᠭᠦᠢᠯᠭᠡᠭᠡᠨ ᠤ ᠵᠠᠬ᠎ᠠ ᠵᠡᠭᠡᠯᠢ ᠨᠢ ᠲᠤᠮᠲᠠᠲᠤ ᠤᠯᠤᠰ ᠤᠨ ᠨᠦᠯᠦᠭᠡ ᠶᠢ ᠬᠦᠷᠲᠡᠪᠡ ᠭᠡᠵᠡᠢ᠃

ᠢᠷᠡᠯᠳᠡ᠄ ᠯᠠᠪᠯᠠᠯᠲᠠ ᠶᠢᠨ ᠮᠡᠲᠡᠭᠡ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121798514