蒙古文网站Logo
ᠰᠢᠨᠬᠤᠸᠠ ᠮᠤᠩᠭ᠋ᠤᠯ ᠨᠧᠲ

ᠤᠯᠠᠭᠠᠨᠪᠠᠭᠠᠳᠤᠷ ᠲᠤ ᠤᠯᠠᠨ ᠤᠯᠤᠰ ᠤᠨ ᠦᠵᠡᠰᠬᠦᠯᠡᠩ ᠪᠤᠯᠵᠤ ᠪᠠᠶᠢᠨ᠎ᠠ

2017-10-14 10:55

    《ᠨᠢᠬᠡ ᠪᠦᠰᠡ ᠨᠢᠬᠡ ᠵᠠᠮ》 ᠤᠯᠠᠨ ᠤᠯᠤᠰ ᠤᠨ ᠤᠷᠠᠯᠢᠭ ᠤᠨ ᠬᠠᠮᠳᠤᠷᠠᠭᠰᠠᠨ ᠦᠵᠡᠰᠬᠦᠯᠡᠩ ᠤᠨ ᠮᠤᠩᠭᠤᠯ ᠤᠯᠤᠰ ᠲᠡᠬᠢ ᠨᠡᠬᠡᠬᠡᠯᠳᠡ 10 ᠰᠠᠷ᠎ᠠ ᠶᠢᠨ 12 ᠤᠨ ᠡᠳᠦᠷ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠳᠤ ᠪᠤᠯᠤᠯ᠎ᠠ᠃

    《ᠨᠢᠬᠡ ᠪᠦᠰᠡ ᠨᠢᠬᠡ ᠵᠠᠮ》ᠳᠠᠭᠠᠤ ᠤᠯᠤᠰ ᠤᠷᠤᠨ ᠤ ᠢᠷᠬᠡᠳ ᠤᠨ ᠬᠠᠷᠢᠯᠴᠠᠭ᠎ᠠ ᠪᠤᠯᠤᠨ ᠰᠤᠶᠤᠯ ᠤᠷᠠᠯᠢᠭ ᠤᠨ ᠰᠤᠯᠢᠯᠴᠠᠭ᠎ᠠ ᠶᠢ ᠨᠡᠮᠡᠭᠳᠡᠬᠦᠯᠬᠦ ᠵᠤᠷᠢᠯᠭ᠎ᠠ ᠲᠠᠢ ᠡᠨᠡᠬᠦ ᠦᠵᠡᠰᠬᠦᠯᠡᠩ ᠢ ᠮᠤᠩᠭᠤᠯ ᠤᠯᠤᠰ ᠤᠨ ᠤᠷᠠᠴᠤᠳ ᠤᠨ ᠡᠪᠯᠡᠯ ᠪᠤᠯᠤᠨ ᠳᠤᠮᠳᠠᠳᠤ ᠹᠷᠠᠨᠼᠢ ᠶᠢᠨ ᠤᠷᠠᠯᠢᠭ ᠤᠨ ᠰᠤᠯᠢᠯᠴᠠᠭᠠᠨ ᠤ ᠨᠡᠶᠢᠬᠡᠮᠯᠢᠭ᠌ ᠬᠠᠮᠳᠤᠷᠠᠨ ᠵᠤᠬᠢᠶᠠᠨ ᠪᠠᠶᠢᠭᠤᠯᠵᠤ ᠳᠤᠮᠳᠠᠳᠤ᠂ ᠮᠤᠩᠭᠤᠯ᠂ ᠹᠷᠠᠨᠼᠢ᠂ ᠢᠲ᠋ᠠᠯᠢ᠂ ᠭᠧᠷᠮᠠᠨ᠂ ᠢᠰᠫᠠᠨᠢ ᠵᠡᠷᠬᠡ ᠵᠢᠷᠭᠤᠭᠠᠨ ᠤᠯᠤᠰ ᠤᠨ ᠤᠷᠠᠨ ᠵᠢᠷᠤᠭ᠂ ᠤᠷᠠᠨ ᠰᠡᠶᠢᠯᠦᠮᠡᠯ᠂ ᠬᠡᠷᠡᠯ ᠵᠢᠷᠤᠭ ᠤᠨ ᠪᠦᠳᠦᠬᠡᠯ ᠢ ᠳᠡᠯᠬᠡᠨ ᠦᠵᠡᠬᠦᠯᠵᠤ ᠪᠠᠶᠢᠨ᠎ᠠ᠃

    ᠡᠨᠡ ᠵᠢᠯ ᠤᠨ 8 ᠰᠠᠷ᠎ᠠ ᠶᠢᠨ 16 ᠤ ᠡᠳᠦᠷ᠂ 《ᠨᠢᠬᠡ ᠪᠦᠰᠡ ᠨᠢᠬᠡ ᠵᠠᠮ》ᠤᠯᠠᠨ ᠤᠯᠤᠰ ᠤᠨ ᠤᠷᠠᠯᠢᠭ ᠤᠨ ᠬᠠᠮᠳᠤᠷᠠᠭᠰᠠᠨ ᠦᠵᠡᠰᠬᠦᠯᠡᠩ ᠹᠷᠠᠨᠽᠢ ᠶᠢᠨ ᠫᠠᠷᠢᠰ ᠬᠤᠳᠠ ᠳᠤ᠂ 9 ᠰᠠᠷ᠎ᠠ ᠶᠢᠨ 27 ᠤ ᠡᠳᠦᠷ ᠮᠠᠨ ᠤ ᠤᠯᠤᠰ ᠲᠤ ᠠᠮᠵᠢᠯᠳᠠ ᠲᠠᠢ ᠡᠷᠬᠢᠯᠡᠭᠳᠡᠵᠤ ᠪᠢᠯᠡ᠃ (ᠴᠧᠨ ᠳᠠᠨ᠎ᠠ᠂ ᠨᠠᠨᠳᠢᠷ)

ᠢᠷᠡᠯᠳᠡ᠄ ᠦᠪᠦᠷ ᠮᠤᠩᠭᠤᠯ ᠤᠨ ᠷᠠᠳᠢᠣ᠋ ᠲᠧᠯᠧᠶ᠋ᠰ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121802564