蒙古文网站Logo
ᠰᠢᠨᠬᠤᠸᠠ ᠮᠤᠩᠭ᠋ᠤᠯ ᠨᠧᠲ

ᠰᠤᠮᠠᠯᠢ ᠶᠢᠨ ᠮᠠᠰᠢᠨ ᠲᠡᠷᠭᠡ ᠪᠡᠷ ᠲᠡᠯᠪᠡᠴᠢᠨ ᠲᠠᠭᠠᠷᠢᠭᠰᠠᠨ ᠬᠡᠷᠡᠭ ᠲᠤ 276 ᠬᠦᠮᠦᠨ ᠠᠮᠢ ᠪᠠᠨ ᠠᠯᠲᠠᠪᠠ

2017-10-17 15:19

    ᠰᠢᠨᠬᠤᠧᠠ ᠬᠤᠷᠢᠶ᠎ᠠ   ᠨᠠᠶᠢᠷᠤᠪᠢ ᠶᠢᠨ 10 ᠰᠠᠷ᠎ᠠ ᠶᠢᠨ 16 ᠤ ᠴᠠᠬᠢᠯᠭᠠᠨ ᠮᠡᠲᠡᠭᠡ ( ᠸᠠᠩ ᠰᠢᠶᠤᠤ ᠫᠧᠩ᠂ ᠵᠢᠨ ᠵᠧᠩ ) 16 ᠤ ᠡᠲᠦᠷ ᠰᠤᠮᠠᠯᠢ ᠶᠢᠨ ᠠᠯᠪᠠᠨ ᠲᠤᠰᠢᠶᠠᠯᠲᠠᠨ ᠤ ᠬᠡᠯᠡᠬᠦ ᠪᠡᠷ᠂ 14 ᠤ ᠡᠲᠦᠷ ᠨᠡᠶᠢᠰᠯᠡᠯ ᠮᠤᠭᠠᠳᠢᠱᠦ᠋ ᠶᠢᠨ ᠬᠤᠲᠠ ᠲᠤᠭᠤᠷᠢᠭ ᠲᠤ ᠮᠠᠰᠢᠨ ᠲᠡᠷᠭᠡ ᠪᠡᠷ ᠲᠡᠯᠪᠡᠴᠢᠨ ᠲᠠᠭᠠᠷᠢᠭᠰᠠᠨ ᠬᠡᠷᠡᠭ ᠲᠤ ᠨᠠᠭᠠᠲᠤ ᠵᠠᠬ᠎ᠠ ᠳ᠋ᠠᠭᠠᠨ 276 ᠬᠦᠮᠦᠨ ᠠᠮᠢ ᠪᠠᠨ ᠠᠯᠲᠠᠵᠤ 300 ᠤᠷᠴᠢᠮ ᠬᠦᠮᠦᠨ ᠰᠢᠷᠬᠠᠲᠤᠭᠰᠠᠨ ᠭᠡᠵᠡᠢ᠃

    ᠤᠲᠤᠬᠠᠨ ᠪᠤᠯᠲᠠᠯ᠎ᠠ ᠶᠠᠮᠠᠷ ᠴᠤ ᠵᠤᠬᠢᠶᠠᠨ ᠪᠠᠶᠢᠭᠤᠯᠤᠯᠲᠠ ᠡᠴᠡ ᠲᠤᠰ ᠬᠡᠷᠡᠭ ᠢ ᠡᠲᠦᠭᠡᠭ᠍ᠰᠡᠨ ᠭᠡᠲᠡᠭ ᠶᠢᠡᠨ ᠲᠤᠲᠤᠷᠬᠠᠶᠢᠯᠠᠭᠠᠲᠤᠢ᠃ ᠲᠤᠬᠠᠢ ᠶᠢᠨ ᠤᠷᠤᠨ ᠤ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠶᠢᠡᠷ᠂ ᠡᠨᠡᠬᠦ ᠲᠠᠭᠠᠷᠢᠯᠲᠡ ᠶᠢᠨ ᠬᠡᠷᠡᠭ ᠢ ᠰᠤᠮᠠᠯᠢ ᠶᠢᠨ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ ᠪᠤᠯᠬᠤ《ᠵᠠᠯᠠᠭᠤᠴᠤᠳ ᠨᠠᠮ 》 ᠡᠲᠦᠭᠡᠭ᠍ᠰᠡᠨ ᠭᠡᠵᠡᠢ᠃ ᠡᠨᠡᠬᠦ 《 ᠵᠠᠯᠠᠭᠤᠴᠤᠳ ᠨᠠᠮ》 ᠨᠢ 《ᠰᠠᠭᠤᠷᠢᠨ ᠭᠠᠵᠠᠷ》 ᠤᠨ ᠵᠤᠬᠢᠶᠠᠨ ᠪᠠᠶᠢᠭᠤᠯᠤᠯᠲᠠ ᠲᠠᠢ ᠬᠠᠷᠢᠯᠴᠠᠭ᠎ᠠ ᠲᠠᠢ ᠪᠠᠶᠢᠵᠤ᠂ ᠰᠡᠬᠦᠯ ᠤᠨ ᠦᠶ᠎ᠠ ᠳ᠋ᠤ ᠰᠤᠮᠠᠯᠢ ᠵᠢᠴᠢ ᠡᠷᠬᠢᠨ ᠲᠤᠭᠤᠷᠷᠢᠨ ᠤ ᠤᠯᠤᠰ ᠲᠤ ᠤᠯᠠᠨ ᠤᠲᠠᠭ᠎ᠠ ᠰᠦᠷᠲᠡᠬᠦᠯᠦᠯ ᠤᠨ ᠲᠠᠭᠠᠷᠢᠯᠲᠠ ᠶᠢᠨ ᠬᠡᠷᠡᠭ ᠡᠲᠦᠭᠡᠭ᠍ᠰᠡᠨ ᠪᠠᠶᠢᠲᠠᠭ ᠶᠤᠮ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121816195