蒙古文网站Logo
ᠰᠢᠨᠬᠤᠸᠠ ᠮᠤᠩᠭ᠋ᠤᠯ ᠨᠧᠲ

ᠢᠷᠠᠺ᠄ ᠭᠠᠲᠠᠭᠠᠲᠤ ᠶᠢᠨ ᠵᠠᠰᠠᠭ ᠤᠨ ᠤᠷᠲᠤᠨ ᠪᠠ ᠺᠤᠮᠫᠠᠨᠢ ᠡᠷᠬᠡ ᠤᠯᠭᠤᠭᠰᠠᠨ ᠦᠭᠡᠢ ᠪᠠᠶᠢᠲᠠᠯ ᠳ᠋ᠤ ᠴᠢᠯᠠᠭᠤᠨ ᠲᠤᠰᠤᠨ ᠤ ᠠᠷᠠᠯᠵᠢᠶ᠎ᠠ ᠬᠢᠵᠦ ᠪᠤᠯᠬᠤ ᠦᠭᠡᠢ

2017-10-20 10:49

    ᠰᠢᠨᠬᠤᠧᠠ ᠬᠤᠷᠢᠶ᠎ᠠ   ᠪᠠᠭᠳᠠᠳ᠋ ᠤᠨ 10 ᠰᠠᠷ᠎ᠠ ᠶᠢᠨ 19 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠸᠢ ᠢᠦᠢ ᠳ᠋ᠦᠩ ) ᠢᠷᠠᠺ ᠤᠨ ᠴᠢᠯᠠᠭᠤᠨ ᠲᠤᠰᠤᠨ ᠤ ᠶᠠᠮᠤᠨ 19 ᠤ ᠡᠲᠦᠷ ᠢᠯᠡᠷᠬᠡᠶᠢᠯᠡᠬᠦ ᠳ᠋ᠡᠭᠡᠨ᠂ ᠭᠠᠲᠠᠭᠠᠲᠤ ᠶᠢᠨ ᠵᠠᠰᠠᠭ ᠤᠨ ᠤᠷᠲᠤᠨ ᠪᠠ ᠭᠠᠲᠠᠭᠠᠲᠤ ᠶᠢᠨ ᠴᠢᠯᠠᠭᠤᠨ ᠲᠤᠰᠤᠨ ᠤ ᠺᠤᠮᠫᠠᠨᠢ ᠢᠷᠠᠺ ᠤᠨ ᠲᠦᠪ ᠵᠠᠰᠠᠭ ᠤᠨ ᠭᠠᠵᠠᠷ ᠤᠨ ᠡᠷᠬᠡ ᠤᠯᠭᠤᠭᠰᠠᠨ ᠦᠭᠡᠢ ᠪᠠᠶᠢᠲᠠᠯ ᠳ᠋ᠤ ᠢᠷᠠᠺ ᠤᠨ ᠺᠦᠷᠳ᠋ ᠦᠪᠡᠷᠲᠡᠭᠡᠨ ᠵᠠᠰᠠᠬᠤ ᠤᠷᠤᠨ ᠲᠠᠢ ᠴᠢᠯᠠᠭᠤᠨ ᠲᠤᠰᠤᠨ ᠤ ᠠᠷᠠᠯᠵᠢᠶ᠎ᠠ ᠬᠢᠵᠦ ᠪᠤᠯᠬᠤ ᠦᠭᠡᠢ ᠭᠡᠵᠡᠢ᠃

    ᠦᠨᠳᠦᠰᠦᠨ ᠬᠠᠦᠯᠢ ᠪᠠ ᠬᠠᠦᠯᠢ ᠲᠤᠭᠲᠠᠭᠠᠮᠵᠢ ᠶᠢ ᠦᠨᠳᠦᠰᠦᠯᠡᠪᠡᠯ ᠢᠷᠠᠺ ᠤᠨ ᠲᠦᠪ ᠵᠠᠰᠠᠭ ᠤᠨ ᠭᠠᠵᠠᠷ ᠪᠠ ᠴᠢᠯᠠᠭᠤᠨ ᠲᠤᠰᠤᠨ ᠤ ᠶᠠᠮᠤᠨ ᠰᠠᠶ᠊ᠢ ᠭᠠᠲᠠᠭᠠᠲᠤ ᠶᠢᠨ ᠬᠢᠨ ᠲᠠᠢ ᠢᠷᠠᠺ ᠤᠨ ᠬᠢᠯᠢ ᠳ᠋ᠡᠬᠢ ᠴᠢᠯᠠᠭᠤᠨ ᠲᠤᠰᠤᠨ ᠤ ᠡᠬᠢ ᠪᠠᠶᠠᠯᠢᠭ ᠢ ᠨᠡᠬᠡᠬᠡᠨ ᠬᠦᠭ᠍ᠵᠢᠬᠦᠯᠬᠦ ᠵᠢᠴᠢ ᠬᠦᠷᠦᠩᠭᠡ ᠤᠷᠤᠭᠤᠯᠬᠤ ᠭᠡᠷ᠎ᠡ ᠬᠡᠯᠡᠯᠴᠡᠭᠡᠷ ᠲᠤᠭᠲᠠᠬᠤ ᠡᠷᠬᠡ ᠲᠠᠢ᠃ ᠡᠭᠦᠨ ᠡᠴᠡ ᠭᠠᠲᠠᠨ᠎ᠠ ᠬᠡᠯᠡᠯᠴᠡᠨ ᠲᠤᠬᠢᠷᠠᠭᠰᠠᠨ ᠭᠡᠷ᠎ᠡ ᠬᠡᠯᠡᠯᠴᠡᠭᠡᠷ ᠤᠳ ᠬᠠᠦᠯᠢ ᠪᠤᠰᠤ᠂ ᠬᠦᠴᠦᠨ ᠦᠭᠡᠢ ᠪᠠᠶᠢᠲᠠᠭ᠃

    9 ᠰᠠᠷ᠎ᠠ ᠶᠢᠨ 25 ᠤ ᠡᠲᠦᠷ ᠢᠷᠠᠺ ᠤᠨ ᠺᠦᠷᠳ᠋ ᠤᠷᠤᠨ ᠡᠯ᠎ᠡ ᠡᠲᠡᠭᠡᠳ ᠤᠨ ᠬᠢᠨ ᠤ ᠡᠰᠡᠷᠭᠦᠴᠡᠯ ᠢ ᠬᠠᠶᠢᠬᠤᠷᠤᠯ ᠦᠭᠡᠢ ᠳᠤᠰᠠᠭᠠᠷ ᠲᠤᠭᠲᠠᠨᠢᠬᠤ ᠨᠡᠶᠢᠲᠡ ᠶᠢᠨ ᠰᠠᠨᠠᠯ ᠠᠰᠠᠭᠤᠯᠭ᠎ᠠ ᠪᠤᠯᠪᠠ᠃ ᠢᠷᠠᠺ ᠤᠨ ᠢᠷᠭᠡᠨ ᠤ ᠬᠠᠦᠯᠢ ᠲᠤᠭᠲᠠᠭᠠᠬᠤ ᠪᠠᠶᠢᠭᠤᠯᠤᠯᠭ᠎ᠠ ᠡᠴᠡ ᠶᠡᠷᠦᠩᠬᠡᠶ ᠰᠠᠶᠢᠳ ᠠᠪᠠᠳᠢ ᠶᠢ ᠵᠠᠰᠠᠭ ᠤᠨ ᠭᠠᠵᠠᠷ ᠤᠨ ᠵᠡᠪᠰᠡᠭᠲᠦ ᠬᠦᠴᠦᠨ ᠢ ᠺᠦᠷᠳ᠋ ᠤᠷᠤᠨ ᠤ ᠬᠦᠴᠦᠨ ᠤ ᠬᠦᠷᠢᠶᠠᠨ ᠤ ᠭᠠᠲᠠᠨᠠᠬᠢ ᠭᠠᠵᠠᠷ ᠲᠤ ᠪᠠᠶᠢᠷᠢᠯᠠᠭᠤᠯᠬᠤ ᠵᠡᠷᠭᠡ ᠬᠠᠷᠢᠭᠤ ᠠᠷᠭ᠎ᠠ ᠬᠡᠮᠵᠢᠶ᠎ᠠ ᠠᠪᠬᠤ ᠬᠡᠷᠡᠭᠳᠡᠢ ᠭᠡᠵᠦ ᠱᠠᠭᠠᠷᠳᠠᠪᠠ᠃

    ᠴᠢᠯᠠᠭᠤᠨ ᠲᠤᠰᠤᠨ ᠤ ᠭᠠᠷᠭᠠᠯᠲᠠ ᠪᠤᠯ ᠺᠦᠷᠳ᠋ ᠤᠷᠤᠨ ᠤ ᠡᠳ᠋ ᠤᠨ ᠵᠠᠰᠠᠭ ᠤᠨ ᠴᠢᠬᠤᠯᠠ ᠢᠷᠡᠯᠲᠡ ᠪᠤᠯᠤᠨ᠎ᠠ᠃ 10 ᠰᠠᠷ᠎ᠠ ᠶᠢᠨ 16 ᠤ ᠡᠲᠦᠷ ᠢᠷᠠᠺ ᠤᠨ ᠵᠠᠰᠠᠭ ᠤᠨ ᠭᠠᠵᠠᠷ ᠤᠨ ᠴᠡᠷᠢᠭ ᠴᠢᠯᠠᠭᠤᠨ ᠲᠤᠰᠤᠨ ᠤ ᠡᠬᠢ ᠪᠠᠶᠠᠯᠢᠭ ᠡᠯᠪᠡᠭ᠌ ᠺᠢᠯᠺᠢ ᠮᠤᠵᠢ ᠳ᠋ᠤ ᠬᠦᠷᠴᠦ᠂ ᠲᠡᠨᠳᠡᠬᠢ ᠴᠢᠯᠠᠭᠤᠨ ᠲᠤᠰᠤ᠂ ᠴᠢᠯᠠᠭᠤᠨ ᠲᠤᠰᠤ ᠤᠯᠪᠤᠷᠢᠯᠠᠬᠤ ᠲᠦᠭᠦᠭᠡᠷᠦᠮᠵᠢ ᠵᠢᠴᠢ ᠲᠤᠰᠤ ᠲᠠᠮᠵᠢᠭᠤᠯᠬᠤ ᠬᠤᠭᠤᠯᠠᠢ ᠶᠢ ᠬᠠᠮᠢᠶᠠᠷᠪᠠ᠃ ᠲᠤᠰ ᠮᠤᠵᠢ ᠶᠢ ᠡᠵᠡᠮᠲᠡᠵᠦ ᠪᠠᠶᠢᠭᠰᠠᠨ ᠺᠦᠷᠳ᠋ ᠤᠨ ᠵᠡᠪᠰᠡᠭᠲᠦ ᠪᠦᠯᠦᠭᠲᠡᠨ ᠡᠨᠳᠡ ᠡᠴᠡ ᠵᠠᠶᠢᠯᠠᠵᠤ ᠶᠠᠪᠤᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121830630