蒙古文网站Logo
ᠰᠢᠨᠬᠤᠸᠠ ᠮᠤᠩᠭ᠋ᠤᠯ ᠨᠧᠲ

ᠠᠹᠭᠠᠨᠢᠰᠲ᠋ᠠᠨ ᠤ ᠡᠮᠦᠨ᠎ᠡ ᠬᠡᠰᠡᠭ ᠤᠨ ᠨᠢᠭᠡ ᠴᠡᠷᠢᠭ ᠤᠨ ᠰᠠᠭᠤᠷᠢᠨ ᠲᠠᠭᠠᠷᠢᠯᠲᠠ ᠳ᠋ᠤ ᠤᠴᠠᠷᠠᠨ 50 ᠭᠠᠷᠤᠢ ᠬᠦᠮᠦᠨ ᠡᠨᠳᠡᠵᠦ ᠰᠢᠷᠬᠠᠲᠤᠪᠠ

2017-10-20 17:40

    ᠰᠢᠨᠬᠤᠧᠠ ᠬᠤᠷᠢᠶ᠎ᠠ   ᠺᠠᠪᠦ᠋ᠯ ᠤᠨ 10 ᠰᠠᠷ᠎ᠠ ᠶᠢᠨ 19 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠵᠢᠶᠠᠩ ᠴᠤᠤ) ᠠᠹᠭᠠᠨᠢᠰᠲ᠋ᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ 19 ᠤ ᠡᠲᠦᠷ ᠬᠡᠯᠡᠬᠦ ᠳ᠋ᠡᠭᠡᠨ ᠲᠤᠰ ᠤᠯᠤᠰ ᠤᠨ ᠡᠮᠦᠨ᠎ᠡ ᠬᠡᠰᠡᠭ ᠤᠨ ᠺᠠᠨᠳ᠋ᠠᠬᠠᠷ ᠮᠤᠵᠢ ᠶᠢᠨ ᠨᠢᠭᠡ ᠴᠡᠷᠢᠭ ᠤᠨ ᠰᠠᠭᠤᠷᠢᠨ ᠲᠤᠬᠠᠢ ᠶᠢᠨ ᠡᠲᠦᠷ ᠤᠨ ᠦᠷᠯᠦᠭᠡ ᠵᠡᠪᠰᠡᠭᠲᠦ ᠪᠦᠯᠦᠭᠲᠡᠨ ᠤ ᠲᠠᠭᠠᠷᠢᠯᠲᠠ ᠳ᠋ᠤ ᠤᠴᠠᠷᠠᠨ 43 ᠴᠡᠷᠢᠭ ᠡᠨᠳᠡᠵᠦ᠂ 9 ᠬᠦᠮᠦᠨ ᠰᠢᠷᠬᠠᠲᠤᠨ 6 ᠬᠦᠮᠦᠨ ᠠᠯᠠᠭ᠎ᠠ ᠪᠤᠯᠪᠠ ᠭᠡᠵᠡᠢ᠃

    ᠠᠹᠭᠠᠨᠢᠰᠲ᠋ᠠᠨ ᠤ ᠲᠠᠯᠢᠪᠠᠨ ᠤ ᠵᠡᠪᠰᠡᠭᠲᠦ ᠪᠦᠯᠦᠭᠲᠡᠨ ᠤ ᠬᠢᠨ ᠲᠤᠰ ᠲᠠᠭᠠᠷᠢᠯᠲᠠ ᠶᠢ ᠬᠢᠭ᠍ᠰᠡᠨ ᠭᠡᠵᠡᠢ᠃ ᠲᠠᠭᠠᠷᠢᠯᠲᠠ ᠶᠢᠨ ᠲᠠᠷᠠᠭ᠎ᠠ ᠵᠡᠪᠰᠡᠭᠲᠦ ᠪᠦᠯᠦᠭᠲᠡᠨ ᠤ ᠬᠢᠨ ᠴᠡᠷᠢᠭ ᠤᠨ ᠲᠠᠯ᠎ᠠ ᠶᠢᠨ ᠲᠠᠷᠢ ᠵᠡᠪᠰᠡᠭ ᠲᠤᠨᠤᠭᠯᠠᠯ ᠢ ᠪᠤᠯᠢᠶᠠᠨ ᠲᠡᠭᠡᠷᠡᠮᠲᠡᠵᠡᠢ᠃

    ᠡᠨᠡ ᠤᠨ ᠤ 4 ᠰᠠᠷ᠎ᠠ ᠶᠢᠨ 28 ᠤ ᠡᠲᠦᠷ ᠡᠴᠡ ᠡᠬᠢᠯᠡᠨ ᠠᠹᠭᠠᠨᠢᠰᠲ᠋ᠠᠨ ᠤ ᠲᠠᠯᠢᠪᠠᠨ ᠤ ᠵᠡᠪᠰᠡᠭᠲᠦ ᠬᠦᠴᠦᠨ ᠤ ᠬᠢᠨ ᠰᠢᠨ᠎ᠡ ᠡᠭᠡᠯᠵᠢ ᠶᠢᠨ ᠲᠠᠭᠠᠷᠢᠯᠲᠠ ᠡᠬᠢᠯᠡᠬᠦᠯᠦᠭᠰᠡᠨ ᠡᠴᠡ ᠨᠠᠰᠢ᠂ ᠠᠹᠭᠠᠨᠢᠰᠲ᠋ᠠᠨ ᠤ ᠡᠯ᠎ᠡ ᠭᠠᠵᠠᠷ ᠤᠨ ᠬᠢᠨ ᠵᠠᠰᠠᠭ ᠤᠨ ᠭᠠᠵᠠᠷ ᠤᠨ ᠪᠠᠶᠢᠭᠤᠯᠤᠯᠭ᠎ᠠ ᠳ᠋ᠤ ᠴᠢᠭᠯᠡᠬᠦᠯᠦᠭᠰᠡᠨ ᠲᠠᠭᠠᠷᠢᠯᠲᠠ ᠶᠢᠨ ᠬᠡᠷᠡᠭ ᠪᠠᠶᠢᠩᠭ᠋ᠤ ᠭᠠᠷᠲᠠᠭ ᠪᠤᠯᠵᠠᠢ᠃ ᠡᠨᠡ ᠰᠠᠷ᠎ᠠ ᠶᠢᠨ 17 ᠤ ᠡᠲᠦᠷ ᠮᠦᠨ ᠬᠤᠶᠠᠷ ᠶᠡᠬᠡ ᠲᠠᠭᠠᠷᠢᠯᠲᠠ ᠶᠢᠨ ᠬᠡᠷᠡᠭ ᠭᠠᠷᠴᠤ ᠠᠲᠠᠭ ᠲᠠᠭᠠᠨ 70 ᠬᠦᠮᠦᠨ ᠠᠮᠢ ᠪᠠᠨ ᠠᠯᠲᠠᠵᠤ 170 ᠬᠦᠮᠦᠨ ᠰᠢᠷᠬᠠᠲᠤᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121832756