蒙古文网站Logo
ᠰᠢᠨᠬᠤᠸᠠ ᠮᠤᠩᠭ᠋ᠤᠯ ᠨᠧᠲ

ᠠᠩᠭ᠍ᠯᠢ ᠶᠢᠨ ᠵᠠᠯᠠᠭᠤᠴᠤᠳ ᠧᠦ᠋ᠷᠦᠫᠠ ᠶᠢᠨ ᠬᠤᠯᠪᠤᠭᠠᠨ ᠡᠴᠡ ᠭᠠᠷᠬᠤ ᠳ᠋ᠤ ᠲᠠᠭ᠎ᠠ ᠦᠭᠡᠢ ᠪᠠᠶᠢᠨ᠎ᠠ

2017-10-23 11:13

    ᠦᠷᠦᠨᠡᠳᠡᠬᠢᠨ ᠤ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠶᠢᠡᠷ᠂ ᠠᠩᠭ᠍ᠯᠢ ᠶᠢᠨ ᠯᠤᠨᠲᠤᠨ ᠤ ᠤᠯᠤᠰ ᠲᠦᠷᠦ ᠡᠳ᠋ ᠤᠨ ᠵᠠᠰᠠᠭ ᠤᠨ ᠲᠡᠭᠡᠳᠦ ᠰᠤᠷᠭᠠᠭᠤᠯᠢ ᠶᠢᠨ ᠨᠢᠭᠡ ᠪᠠᠶᠢᠴᠠᠭᠠᠯᠲᠠ ᠳ᠋ᠤ ᠦᠵᠡᠬᠦᠯᠦᠭᠰᠡᠨ ᠶᠢᠡᠷ᠂ ᠠᠩᠭ᠍ᠯᠢ ᠶᠢᠨ ᠤᠯᠠᠩᠬᠢ ᠠᠬᠠᠮᠠᠳ ᠨᠢᠭᠡ ᠦᠶ᠎ᠠ ᠶᠢᠨ ᠬᠢᠨ ᠧᠦ᠋ᠷᠦᠫᠠ ᠶᠢᠨ ᠬᠤᠯᠪᠤᠭᠠᠨ ᠡᠴᠡ ᠭᠠᠷᠬᠤ ᠶᠢ ᠲᠡᠮᠵᠢᠵᠦ ᠪᠠᠶᠢᠬᠤ ᠳ᠋ᠤ ᠬᠠᠷᠢᠨ ᠤᠯᠠᠩᠬᠢ ᠵᠠᠯᠠᠭᠤᠴᠤᠳ ᠡᠨᠡᠬᠦ ᠰᠢᠢᠳᠪᠦᠷᠢ ᠳ᠋ᠤ ᠬᠠᠨᠤᠮᠵᠢ ᠦᠭᠡᠢ ᠪᠠᠶᠢᠵᠤ᠂ ᠴᠢᠨᠠᠭᠰᠢᠯᠠᠪᠠᠯ ᠠᠬᠠᠮᠠᠳ ᠨᠢᠭᠡ ᠦᠶ᠎ᠠ ᠶᠢᠨ ᠬᠢᠨ ᠢ ᠰᠢᠬᠦᠮᠵᠢᠯᠡᠨ ᠪᠤᠷᠤᠭᠤᠰᠢᠶᠠᠵᠤ ᠪᠠᠶᠢᠪᠠ᠃ ᠠᠩᠭ᠍ᠯᠢ ᠶᠢᠨ ᠤᠯᠤᠰ ᠤᠨ ᠬᠤᠷᠠᠯ ᠤᠨ ᠨᠢᠭᠡ ᠪᠦᠯᠬᠦᠮ ᠤᠨ ᠦᠵᠡᠬᠦ ᠪᠡᠷ ᠧᠦ᠋ᠷᠦᠫᠠ ᠶᠢᠨ ᠬᠤᠯᠪᠤᠭᠠᠨ ᠡᠴᠡ ᠭᠠᠷᠬᠤ ᠳ᠋ᠤ ᠵᠠᠯᠠᠭᠤᠴᠤᠳ ᠤᠨ ᠤᠨᠴᠠᠯᠢᠭ ᠲᠤ ᠲᠤᠬᠢᠷᠠᠭᠤᠯᠤᠭᠰᠠᠨ ᠪᠠᠶᠢᠪᠠᠯ ᠨᠡᠩ ᠵᠤᠬᠢᠰᠲᠠᠢ ᠭᠡᠵᠡᠢ᠃

    ᠢᠰᠫᠠᠨᠢ ᠶᠢᠨ ᠨᠢᠭᠡ ᠬᠡᠪᠯᠡᠯ ᠮᠡᠲᠡᠭᠡᠯᠡᠯ ᠤᠨ 10 ᠰᠠᠷ᠎ᠠ ᠶᠢᠨ 19 ᠤ ᠡᠲᠦᠷ ᠤᠨ ᠮᠡᠲᠡᠭᠡᠯᠡᠭᠰᠡᠨ ᠢ ᠦᠨᠳᠦᠰᠦᠯᠡᠪᠡᠯ᠂ ᠪᠠᠶᠢᠴᠠᠭᠠᠯᠲᠠ ᠳ᠋ᠤ ᠦᠵᠡᠬᠦᠯᠦᠭᠰᠡᠨ ᠶᠢᠡᠷ ᠠᠩᠭ᠍ᠯᠢ ᠶᠢᠨ ᠤᠯᠠᠩᠬᠢ ᠵᠠᠯᠠᠭᠤᠴᠤᠳ ᠧᠦ᠋ᠷᠦᠫᠠ ᠶᠢᠨ ᠬᠤᠯᠪᠤᠭᠠᠨ ᠡᠴᠡ ᠭᠠᠷᠬᠤ ᠰᠢᠢᠳᠪᠦᠷᠢ ᠶᠢᠨ ᠲᠤᠬᠠᠢ ᠶᠡᠬᠡ ᠯᠡ ᠪᠤᠬᠢᠨᠢᠲᠤᠵᠤ᠂ ᠲᠤᠷ᠎ᠠ ᠦᠭᠡᠶᠢᠴᠡᠵᠦ ᠪᠠᠶᠢᠨ᠎ᠠ ᠭᠡᠵᠡᠢ᠃ ᠧᠦ᠋ᠷᠦᠫᠠ ᠶᠢᠨ ᠬᠤᠯᠪᠤᠭᠠᠨ ᠡᠴᠡ ᠭᠠᠷᠤᠭᠰᠠᠨ ᠡᠴᠡ ᠪᠤᠯᠵᠤ ᠠᠩᠭ᠍ᠯᠢ ᠶᠢᠨ ᠤᠯᠠᠨ ᠦᠨᠳᠦᠰᠦᠲᠡᠨ ᠤ ᠨᠡᠶᠢᠭᠡᠮ ᠳ᠋ᠤ ᠰᠦᠷᠬᠦ ᠨᠦᠯᠦᠭᠡ ᠠᠪᠴᠢᠷᠠᠵᠤ ᠦᠭ᠍ᠬᠦ ᠲᠤᠬᠠᠢ ᠴᠦᠬᠡᠨ ᠪᠤᠰᠤ ᠬᠦᠮᠦᠰ ᠰᠠᠨᠠᠭᠠᠰᠢᠷᠠᠵᠤ ᠪᠠᠶᠢᠨ᠎ᠠ᠃

    ᠮᠦᠨ ᠮᠡᠲᠡᠭᠡᠯᠡᠭᠰᠡᠨ ᠶᠢᠡᠷ᠂ ᠵᠠᠯᠠᠭᠤᠴᠤᠳ ᠤᠨ ᠲᠤᠮᠲᠠ ᠤᠨᠲᠤᠤ ᠦᠵᠡᠯ ᠲᠠᠢ ᠬᠦᠮᠦᠰ ᠪᠠᠶᠢᠬᠤ ᠪᠤᠯᠪᠠᠴᠦ ᠴᠦᠬᠡᠨ ᠲᠤᠭ᠎ᠠ ᠶᠢ ᠡᠵᠡᠯᠡᠵᠦ ᠪᠠᠶᠢᠨ᠎ᠠ ᠭᠡᠵᠡᠢ᠃ ᠪᠠᠶᠢᠴᠠᠭᠠᠯᠲᠠ ᠶᠢᠨ ᠳ᠋ᠦᠩ ᠡᠴᠡ ᠦᠵᠡᠪᠡᠯ ᠠᠩᠭ᠍ᠯᠢ ᠶᠢᠨ ᠧᠦ᠋ᠷᠦᠫᠠ ᠶᠢᠨ ᠬᠤᠯᠪᠤᠭᠠᠨ ᠡᠴᠡ ᠭᠠᠷᠬᠤ ᠶᠢ ᠨᠦᠯᠦᠭᠡᠯᠡᠵᠦ ᠪᠦᠬᠦᠢ ᠬᠠᠮᠤᠭ ᠤᠨ ᠲᠤᠮᠤ ᠪᠦᠯᠦᠭᠯᠡᠯ ᠴᠤᠭᠴᠠ ᠪᠤᠯᠤᠭᠰᠠᠨ ᠤ ᠬᠤᠪᠢ ᠳ᠋ᠤ ᠠᠩᠭ᠍ᠯᠢ ᠶᠢᠨ ᠵᠠᠯᠠᠭᠤᠴᠤᠳ ᠦᠪᠡᠷ ᠤᠨ ᠬᠢᠨᠢ ᠢᠷᠡᠭᠡᠲᠦᠢ ᠠᠬᠠᠮᠠᠳ ᠨᠢᠭᠡ ᠦᠶ᠎ᠠ ᠶᠢᠨ ᠬᠢᠨ ᠤ ᠦᠭ᠍ᠭᠦ᠍ᠭ᠍ᠰᠡᠨ ᠤᠨᠤᠭᠠᠨ ᠡᠴᠡ ᠰᠢᠢᠳᠦᠭᠲᠡᠵᠦ ᠪᠠᠶᠢᠭ᠎ᠠ ᠳᠤ ᠲᠠᠭ᠎ᠠ ᠦᠭᠡᠢ ᠪᠠᠢᠢᠨ᠎ᠠ᠃

ᠢᠷᠡᠯᠳᠡ᠄ ᠯᠠᠪᠯᠠᠯᠲᠠ ᠶᠢᠨ ᠮᠡᠲᠡᠭᠡ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121842363