蒙古文网站Logo
ᠰᠢᠨᠬᠤᠸᠠ ᠮᠤᠩᠭ᠋ᠤᠯ ᠨᠧᠲ

ᠠᠮᠧᠷᠢᠺᠠ ᠶᠢᠨ ᠲᠦᠷᠦ ᠶᠢᠨ ᠶᠠᠪᠤᠲᠠᠯ ᠤᠨ ᠰᠠᠶᠢᠳ ᠲᠢᠯᠧᠷᠰᠤᠨ ᠠᠹᠭᠠᠨᠢᠰᠲ᠋ᠠᠨ  ᠳᠤ ᠭᠡᠨᠡᠳᠲᠡ ᠠᠶᠢᠯᠴᠢᠯᠠᠪᠠ

2017-10-24 12:29

    ᠰᠢᠨᠬᠤᠧᠠ ᠬᠤᠷᠢᠶ᠎ᠠ   ᠺᠠᠪᠦ᠋ᠯ ᠤᠨ 10 ᠰᠠᠷ᠎ᠠ ᠶᠢᠨ 23 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠳ᠋ᠠᠢ ᠡᠾᠧ᠂ ᠵᠢᠶᠠᠩ ᠴᠤᠤ ) 23 ᠤ ᠡᠲᠦᠷ ᠠᠮᠧᠷᠢᠺᠠ ᠶᠢᠨ ᠳᠦᠷᠦ ᠶᠢᠨ ᠶᠠᠪᠤᠲᠠᠯ ᠤᠨ ᠰᠠᠶᠢᠳ ᠲᠢᠯᠧᠷᠰᠤᠨ ᠭᠡᠨᠡᠳᠲᠡ ᠺᠠᠪᠦ᠋ᠯ ᠳ᠋ᠤ ᠬᠦᠷᠴᠦ ᠠᠹᠭᠠᠨᠢᠰᠲ᠋ᠠᠨ ᠤ ᠶᠡᠷᠦᠩᠬᠡᠶᠢᠯᠡᠭᠴᠢ ᠲᠠᠢ ᠬᠡᠯᠡᠯᠴᠡᠵᠡᠢ᠃ ᠡᠨᠡ ᠨᠢ ᠮᠦᠨ ᠴᠤ ᠲᠢᠯᠧᠷᠰᠤᠨ ᠡᠨᠡ ᠤᠨ ᠳ᠋ᠤ ᠠᠮᠧᠷᠢᠺᠠ ᠶᠢᠨ ᠲᠦᠷᠦ ᠶᠢᠨ ᠶᠠᠪᠤᠲᠠᠯ ᠤᠨ ᠰᠠᠶᠢᠳ ᠶᠢᠡᠷ ᠠᠵᠢᠯᠯᠠᠭᠰᠠᠨ ᠡᠴᠡ ᠨᠠᠰᠢ ᠠᠩᠬ᠎ᠠ ᠤᠲᠠᠭ᠎ᠠ ᠠᠹᠭᠠᠨᠢᠰᠲ᠋ᠠᠨ ᠢ ᠵᠤᠷᠢᠵᠤ ᠪᠠᠶᠢᠭ᠎ᠠ ᠶᠤᠮ᠃

    ᠠᠹᠭᠠᠨᠢᠰᠲ᠋ᠠᠨ ᠳ᠋ᠤ ᠰᠠᠭᠤᠭ᠎ᠠ ᠠᠮᠧᠷᠢᠺᠠ ᠶᠢᠨ ᠡᠯᠴᠢᠨ ᠰᠠᠶᠢᠳ ᠤᠨ ᠭᠠᠵᠠᠷ ᠤᠨ ᠮᠡᠲᠡᠭᠡᠯᠡᠯ ᠢ ᠦᠨᠳᠦᠰᠦᠯᠡᠪᠡᠯ ᠬᠡᠯᠡᠯᠴᠡᠭᠡᠨ ᠤ ᠦᠶ᠎ᠠ ᠪᠡᠷ᠂ ᠠᠮᠧᠷᠢᠺᠠ ᠵᠡᠬᠦᠨ ᠡᠮᠦᠨᠡᠲᠦ ᠠᠽᠢᠶ᠎ᠠ ᠳ᠋ᠤ ᠰᠢᠨ᠎ᠡ ᠰᠲ᠋ᠷᠠᠲ᠋ᠢᠬᠢ ᠶᠢᠨ ᠪᠤᠲᠤᠯᠭ᠎ᠠ ᠬᠡᠷᠡᠭᠵᠢᠬᠦᠯᠵᠦ ᠠᠹᠭᠠᠨᠢᠰᠲ᠋ᠠᠨ ᠤ ᠵᠠᠰᠠᠭ ᠤᠨ ᠭᠠᠵᠠᠷ ᠵᠢᠴᠢ ᠪᠤᠰᠤᠳ ᠤᠷᠤᠨ ᠪᠦᠰᠡ ᠶᠢᠨ ᠤᠯᠤᠰ ᠤᠳ ᠲᠠᠢ ᠬᠠᠮᠲᠤ ᠪᠡᠷ ᠰᠦᠷᠲᠡᠬᠦᠯᠦᠯ ᠤᠨ ᠦᠵᠡᠯ ᠢ ᠡᠰᠡᠷᠭᠦᠴᠡᠬᠦ᠂ ᠠᠹᠭᠠᠨᠢᠰᠲ᠋ᠠᠨ ᠤ ᠡᠩᠬᠡ ᠲᠠᠶᠢᠪᠤᠩ ᠤᠨ ᠲᠦᠯᠦᠭᠡ ᠴᠢᠷᠮᠠᠶᠢᠬᠤ ᠪᠤᠯᠤᠨ᠎ᠠ ᠭᠡᠵᠡᠢ᠃ ᠠᠹᠭᠠᠨᠢᠰᠲ᠋ᠠᠨ ᠤ ᠶᠡᠷᠦᠩᠬᠡᠶᠢᠯᠡᠭᠴᠢ ᠦᠭᠡᠷᠡᠴᠢᠯᠡᠯᠲᠡ ᠪᠡᠷ ᠲᠠᠮᠵᠢᠨ ᠤᠯᠤᠰ ᠤᠷᠤᠨ ᠤ ᠪᠠᠨ ᠠᠶᠤᠯᠬᠦᠢ ᠪᠠ ᠠᠰᠢᠭ ᠲᠤᠰᠠ ᠶᠢ ᠬᠠᠮᠠᠭᠠᠯᠠᠨ᠎ᠠ ᠭᠡᠵᠡᠢ᠃

    ᠡᠨᠡ ᠤᠨ ᠤ 8 ᠰᠠᠷ᠎ᠠ ᠶᠢᠨ 21 ᠤ ᠡᠲᠦᠷ ᠠᠮᠧᠷᠢᠺᠠ ᠶᠢᠨ ᠶᠡᠷᠦᠩᠬᠡᠶᠢᠯᠡᠭᠴᠢ ᠲᠷᠠᠮᠫ ᠠᠹᠭᠠᠨᠢᠰᠲ᠋ᠠᠨ ᠳ᠋ᠤ ᠰᠢᠨ᠎ᠡ ᠰᠲ᠋ᠷᠠᠲ᠋ᠢᠬᠢ ᠶᠢᠨ ᠪᠤᠲᠤᠯᠭ᠎ᠠ ᠬᠡᠷᠡᠭᠵᠢᠬᠦᠯᠵᠦ᠂ ᠠᠹᠭᠠᠨᠢᠰᠲ᠋ᠠᠨ ᠡᠴᠡ ᠴᠡᠷᠢᠭ ᠤᠬᠤᠷᠢᠬᠤ ᠦᠭᠡᠢ᠂ ᠠᠮᠧᠷᠢᠺᠠ ᠶᠢᠨ ᠴᠡᠷᠢᠭ ᠲᠠᠶᠢᠨ ᠤ ᠪᠤᠲᠠᠲᠤ ᠪᠠᠶᠢᠲᠠᠯ ᠢᠶᠡᠨ ᠦᠨᠳᠦᠰᠦᠯᠡᠵᠦ ᠴᠡᠷᠢᠭ ᠤᠨ ᠶᠠᠪᠤᠲᠠᠯ ᠤᠨ ᠠᠵᠢᠯᠯᠠᠭ᠎ᠠ ᠦᠷᠨᠢᠬᠦᠯᠦᠨ᠎ᠡ ᠭᠡᠵᠡᠢ᠃ ᠭᠡᠬᠦ ᠳ᠋ᠤ ᠡᠨᠡᠬᠦ ᠰᠢᠨ᠎ᠡ ᠰᠲ᠋ᠷᠠᠲ᠋ᠢᠬᠢ ᠶᠢᠨ ᠪᠤᠲᠤᠯᠭ᠎ᠠ ᠳᠤ ᠠᠹᠭᠠᠨᠢᠰᠲ᠋ᠠᠨ ᠤ ᠲᠠᠯ᠎ᠠ ᠤᠳ ᠤᠨ ᠰᠠᠨᠠᠯ ᠨᠢᠭᠡᠲᠦᠯ ᠦᠭᠡᠢ ᠪᠠᠶᠢᠨ᠎ᠠ᠃ ᠠᠹᠭᠠᠨᠢᠰᠲ᠋ᠠᠨ ᠤ ᠤᠤᠯ ᠤᠨ ᠶᠡᠷᠦᠩᠬᠡᠶᠢᠯᠡᠭᠴᠢ ᠲᠤᠰ ᠰᠠᠷ᠎ᠠ ᠶᠢᠨ 12 ᠤᠨ ᠡᠲᠦᠷ ᠢᠯᠡ ᠪᠡᠷ ᠰᠢᠬᠦᠮᠵᠢᠯᠡᠬᠦ ᠳ᠋ᠡᠬᠡᠨ ᠲᠠᠶᠢᠲᠤᠬᠤ ᠶᠢ ᠪᠤᠲᠤᠯᠬᠢᠯᠠᠭᠰᠠᠨ ᠡᠴᠡ ᠪᠢᠰᠢ ᠡᠩᠬᠡ ᠲᠠᠶᠢᠪᠤᠩ ᠤᠨ ᠲᠦᠯᠦᠭᠡ ᠪᠢᠰᠢ᠂ ᠠᠮᠧᠷᠢᠺᠠ ᠰᠦᠷᠲᠡᠬᠦᠯᠦᠯ ᠢ ᠡᠰᠡᠷᠭᠦᠴᠡᠬᠦ ᠪᠤᠷᠤᠭᠤ ᠠᠷᠭ᠎ᠠ ᠬᠡᠮᠵᠢᠶ᠎ᠠ ᠠᠪᠤᠭᠰᠠᠨ ᠶᠢᠡᠷ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ ᠪᠤᠯᠬᠤ《ᠢᠰᠯᠠᠮ ᠤᠨ ᠤᠯᠤᠰ》ᠤᠯᠠᠮ ᠴᠤ ᠰᠠᠮᠠᠭᠤᠷᠠᠵᠤ ᠡᠭᠡᠯ ᠢᠷᠭᠡᠳ ᠤᠯᠠᠨ ᠬᠤᠤᠷᠯᠠᠭᠲᠠᠭᠰᠠᠨ ᠭᠡᠵᠡᠢ᠃ 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121848658