蒙古文网站Logo
ᠰᠢᠨᠬᠤᠸᠠ ᠮᠤᠩᠭ᠋ᠤᠯ ᠨᠧᠲ

ᠮᠤᠩᠭ᠋ᠤᠯ ᠤᠯᠤᠰ 10 ᠠᠭᠤᠯᠠᠴᠢᠨ ᠠᠮᠢ ᠪᠠᠨ ᠠᠯᠲᠠᠭᠰᠠᠨ ᠭᠡᠲᠡᠭ ᠢ ᠨᠤᠲᠠᠯᠠᠪᠠ

2017-10-24 17:45

    ᠰᠢᠨᠬᠤᠧᠠ ᠬᠤᠷᠢᠶ᠎ᠠ   ᠤᠯᠠᠭᠠᠨᠪᠠᠭᠠᠲᠤᠷ ᠤᠨ 10 ᠰᠠᠷ᠎ᠠ ᠶᠢᠨ 23 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠠᠰᠬᠠᠨ ) 23 ᠤ ᠡᠲᠦᠷ ᠤᠨ 18᠄ 00 ᠴᠠᠭ ᠲᠤ ᠮᠤᠩᠭ᠋ᠤᠯ ᠤᠯᠤᠰ ᠤᠨ ᠤᠨᠴᠠᠭᠠᠢ ᠪᠠᠶᠢᠲᠠᠯ ᠤᠨ ᠭᠠᠵᠠᠷ ᠤᠨ ᠬᠢᠨ ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠵᠤᠬᠢᠶᠠᠨ ᠪᠠᠶᠢᠭᠤᠯᠵᠤ ᠴᠠᠰᠤᠨ ᠨᠤᠷᠠᠯᠲᠠ ᠳ᠋ᠤ ᠠᠯᠠᠭ᠎ᠠ ᠪᠤᠯᠤᠭᠰᠠᠨ 10 ᠠᠭᠤᠯᠠᠴᠢᠨ ᠢ ᠠᠮᠢ ᠪᠠᠨ ᠠᠯᠲᠠᠭᠰᠠᠨ ᠭᠡᠵᠦ ᠨᠤᠲᠠᠯᠠᠪᠠ᠃ ᠠᠪᠤᠷᠠᠨ ᠲᠤᠰᠠᠯᠠᠭᠴᠢᠳ ᠤᠳᠬᠤᠨ ᠲᠡᠭᠷᠢ ᠠᠭᠤᠯᠠ ᠶᠢᠨ 3450 ᠮᠧᠲ᠋ᠷ ᠡᠴᠡ 3200 ᠮᠧᠲ᠋ᠷ ᠤᠷᠴᠢᠮ ᠳ᠋ᠤ 7 ᠡᠷᠡᠭᠲᠡᠢ᠂ 3 ᠡᠮᠡᠭᠲᠡᠢ ᠶᠢᠨ ᠴᠤᠭᠴᠠᠰ ᠢ ᠢᠯᠡᠷᠡᠬᠦᠯᠪᠡ᠃

    ᠮᠤᠩᠭ᠋ᠤᠯ ᠤᠯᠤᠰ ᠤᠨ ᠤᠨᠴᠠᠭᠠᠢ ᠪᠠᠶᠢᠲᠠᠯ ᠤᠨ ᠭᠠᠵᠠᠷ ᠤᠨ ᠬᠡᠪᠯᠡᠯ ᠮᠡᠲᠡᠭᠡᠯᠡᠯ ᠤᠨ ᠦᠬᠦᠯᠡᠭᠴᠢ ᠶᠢᠨ ᠬᠡᠯᠡᠬᠦ ᠪᠡᠷ᠂ ᠠᠭᠤᠯᠠᠨ ᠳ᠋ᠡᠬᠢ ᠠᠭᠤᠷ ᠠᠮᠢᠰᠬᠤᠯ ᠬᠡᠴᠡᠬᠦᠦ᠂ ᠤᠷᠴᠢᠨ ᠲᠤᠭᠤᠷᠢᠨ ᠪᠤᠲᠤᠯᠢᠶᠠᠨᠲᠠᠢ ᠡᠴᠡ ᠲᠤᠬᠠᠢ ᠶᠢᠨ ᠡᠲᠦᠷ ᠤᠨ 17᠄ 00 ᠴᠠᠭ ᠲᠤ ᠨᠡᠶᠢᠲᠡ ᠠᠪᠤᠷᠠᠨ ᠲᠤᠰᠠᠯᠠᠭᠴᠢᠳ ᠠᠪᠤᠷᠠᠨ ᠲᠤᠰᠠᠯᠠᠬᠤ ᠠᠵᠢᠯᠯᠠᠭ᠎ᠠ ᠪᠠᠨ ᠵᠤᠭᠰᠤᠭᠠᠪᠠ᠃ ᠠᠪᠤᠷᠠᠨ ᠲᠤᠰᠠᠯᠠᠬᠤ ᠠᠵᠢᠯᠯᠠᠭ᠎ᠠ ᠪᠠᠨ 24 ᠤ ᠡᠲᠦᠷ ᠤᠨ 6᠄ 00 ᠴᠠᠭ ᠲᠤ ᠲᠠᠬᠢᠨ ᠦᠷᠬᠦᠯᠵᠢᠯᠡᠬᠦᠯᠬᠦ ᠪᠤᠯᠤᠨ᠎ᠠ ᠭᠡᠵᠡᠢ᠃

    ᠤᠯᠠᠨ ᠤᠯᠤᠰ ᠤᠨ ᠠᠪᠤᠷᠭᠤ᠂ ᠮᠤᠩᠭ᠋ᠤᠯ ᠤᠯᠤᠰ ᠤᠨ ᠨᠡᠷᠡᠲᠦ ᠡᠮᠡᠭᠲᠡᠢ ᠠᠭᠤᠯᠠᠴᠢᠨ ᠭᠠᠩᠭ᠋ᠠᠮ᠎ᠠ ᠤᠨᠴᠠᠭᠠᠢ ᠪᠠᠶᠢᠲᠠᠯ ᠤᠨ ᠭᠠᠵᠠᠷ ᠤᠨ ᠬᠤᠷᠠᠯ ᠤᠨ ᠦᠶ᠎ᠠ ᠪᠡᠷ ᠢᠯᠡᠷᠬᠡᠶᠢᠯᠡᠬᠦ ᠳ᠋ᠡᠭᠡᠨ᠂ ᠡᠨᠡ ᠤᠯᠠᠷᠢᠯ ᠳ᠋ᠤ ᠠᠭᠤᠯᠠ ᠠᠪᠠᠷᠢᠬᠤ ᠳ᠋ᠤ ᠲᠤᠬᠢᠷᠠᠮᠵᠢᠲᠠᠢ ᠪᠢᠰᠢ᠂ ᠠᠭᠤᠯᠠᠨ ᠳ᠋ᠡᠬᠢ ᠬᠤᠷᠠᠭᠰᠠᠨ ᠴᠠᠰᠤᠨ ᠤ ᠬᠠᠲᠠᠭᠤᠴᠠ ᠶᠢᠨ ᠬᠡᠮᠵᠢᠶ᠎ᠠ ᠠᠭᠤᠯᠠ ᠠᠪᠠᠷᠢᠬᠤ ᠱᠠᠭᠠᠷᠲᠠᠯᠭ᠎ᠠ ᠳ᠋ᠤ ᠬᠦᠷᠬᠦ ᠦᠭᠡᠢ ᠶᠤᠮ ᠭᠡᠵᠡᠢ᠃ ᠲᠡᠷᠡᠪᠡᠷ ᠮᠦᠨ ᠡᠨᠲᠡᠭᠰᠡᠳ ᠲᠤ ᠭᠠᠰᠢᠭᠤᠲᠠᠯ ᠢᠯᠡᠷᠬᠡᠶᠢᠯᠡᠪᠡ᠃

    ᠲᠠᠨᠢᠯᠴᠠᠭᠤᠯᠤᠭᠰᠠᠨ ᠶᠢᠡᠷ᠂ ᠤᠳᠬᠤᠨ ᠲᠡᠭᠷᠢ ᠬᠠᠶᠢᠷᠬᠠᠨ ᠪᠤᠯ ᠮᠤᠩᠭ᠋ᠤᠯ ᠤᠯᠤᠰ ᠤᠨ ᠪᠠᠷᠠᠭᠤᠨ ᠬᠤᠶᠢᠲᠤ ᠪᠦᠰᠡ ᠶᠢᠨ ᠵᠠᠪᠬᠠᠨ ᠠᠶᠢᠮᠠᠭ ᠤᠨ ᠤᠳᠬᠤᠨ ᠰᠤᠮᠤᠨ ᠳ᠋ᠤ ᠪᠠᠶᠢᠲᠠᠭ᠂ ᠬᠠᠮᠤᠭ ᠤᠨ ᠦᠨᠳᠦᠷ ᠤᠷᠬᠢᠯ ᠨᠢ ᠲᠠᠯᠠᠢ ᠶᠢᠨ ᠲᠦᠪᠰᠢᠨ ᠡᠴᠡ 4031 ᠮᠧᠲ᠋ᠷ (ᠪᠠᠰᠠ 4008 ᠮᠧᠲ᠋ᠷ ᠭᠡᠯᠴᠠᠲᠠᠭ᠌ ) ᠃ ᠬᠠᠮᠢᠶᠠᠲᠠᠢ ᠰᠠᠯᠠᠭ᠎ᠠ ᠮᠦᠴᠢᠷ ᠤᠨ ᠬᠢᠨ 2015 ᠤᠨ ᠡᠴᠡ ᠡᠬᠢᠯᠡᠨ ᠡᠨᠡ ᠠᠭᠤᠯᠠᠨ ᠳ᠋ᠤ ᠠᠪᠠᠷᠢᠬᠤ ᠶᠢ ᠬᠤᠷᠢᠭᠯᠠᠭᠰᠠᠨ ᠴᠤ ᠵᠠᠷᠢᠮ ᠠᠭᠤᠯᠠᠴᠢᠨ ᠮᠦᠨ ᠠᠪᠠᠷᠢᠵᠤ ᠯᠡ ᠪᠠᠶᠢᠲᠠᠭ ᠶᠤᠮ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121850405