蒙古文网站Logo
ᠰᠢᠨᠬᠤᠸᠠ ᠮᠤᠩᠭ᠋ᠤᠯ ᠨᠧᠲ

ᠢᠷᠠᠨ ᠤ ᠬᠠᠮᠤᠭ ᠤᠨ ᠲᠡᠭᠡᠳᠦ ᠤᠲᠤᠷᠢᠲᠤᠭᠴᠢ᠄ ᠢᠷᠠᠨ ᠪ ᠵᠠᠯᠠᠭᠤᠷᠲᠤ ᠰᠤᠮᠤ ᠶᠢᠨ ᠲᠦᠰᠦᠯ ᠤᠨ ᠲᠤᠬᠠᠢ ᠬᠡᠯᠡᠯᠴᠡᠬᠦ ᠦᠭᠡᠢ

2017-10-26 17:22

    ᠰᠢᠨᠬᠤᠧᠠ ᠬᠤᠷᠢᠶ᠎ᠠ   ᠲᠧᠾᠷᠠᠨ ᠤ 10 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠮᠦ ᠳ᠋ᠦᠩ᠂ ᠮᠠ ᠰᠢᠶᠤᠤ ) 25 ᠤ ᠡᠲᠦᠷ᠂ ᠢᠷᠠᠨ ᠤ ᠬᠠᠮᠤᠭ ᠤᠨ ᠲᠡᠭᠡᠳᠦ ᠤᠲᠤᠷᠢᠲᠤᠭᠴᠢ ᠢᠯᠡᠷᠬᠡᠶᠢᠯᠡᠯᠲᠡ ᠨᠡᠶᠢᠲᠡᠯᠡᠵᠦ᠂ ᠢᠷᠠᠨ ᠤᠯᠤᠰ ᠤᠷᠤᠨ ᠤ ᠪᠠᠨ ᠬᠠᠮᠠᠭᠠᠯᠠᠯᠲᠠ ᠶᠢᠨ ᠠᠰᠠᠭᠤᠲᠠᠯ ᠤᠨ ᠲᠤᠬᠠᠢ ᠪᠤᠰᠤᠳ ᠤᠯᠤᠰ ᠲᠠᠢ ᠬᠡᠯᠡᠯᠴᠡᠭᠡᠷ ᠬᠢᠬᠦ ᠦᠭᠡᠢ᠂ ᠲᠤᠰ ᠤᠯᠤᠰ ᠤᠨ ᠵᠠᠯᠠᠭᠤᠷᠲᠤ ᠰᠤᠮᠤ ᠶᠢᠨ ᠲᠦᠰᠦᠯ ᠤᠨ ᠲᠤᠬᠠᠢ ᠶᠠᠷᠢᠯᠴᠠᠬᠤ ᠦᠭᠡᠢ ᠭᠡᠯ᠎ᠡ᠃

    ᠠᠮᠧᠷᠢᠺᠠ ᠵᠡᠷᠭᠡ ᠦᠷᠦᠨᠠᠳᠡᠬᠢᠨ ᠤ ᠵᠠᠷᠢᠮ ᠤᠯᠤᠰ ᠢᠷᠠᠨ ᠢ ᠵᠠᠯᠠᠭᠤᠷᠲᠤ ᠰᠤᠮᠤ ᠬᠦᠭ᠍ᠵᠢᠬᠦᠯᠵᠦ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠬᠠᠮᠢᠶ᠎ᠠ ᠪᠦᠬᠦᠢ ᠰᠢᠢᠳᠪᠦᠷᠢ ᠪᠠ ᠢᠷᠠᠨ ᠤ ᠴᠦᠮ᠎ᠡ ᠶᠢᠨ ᠬᠡᠯᠡᠯᠴᠡᠭᠡᠷ ᠤᠨ ᠵᠤᠷᠢᠭ ᠰᠠᠨᠠᠭ᠎ᠠ ᠶᠢ ᠲᠡᠷᠰᠡᠯᠡᠭᠰᠡᠨ ᠭᠡᠵᠦ ᠵᠢᠮᠡᠯᠡᠨ ᠪᠤᠷᠤᠭᠤᠰᠢᠶᠠᠨ᠎ᠠ᠃ ᠢᠷᠠᠨ ᠤ ᠬᠢᠨ ᠵᠠᠯᠠᠭᠤᠷᠲᠤ ᠰᠤᠮᠤ ᠬᠦᠭᠡᠷᠭᠡᠬᠦ ᠨᠢ ᠤᠯᠤᠰ ᠤᠷᠤᠨ ᠤ ᠪᠠᠨ ᠠᠰᠢᠭ ᠲᠤᠰᠠ ᠪᠡᠷ ᠤᠷᠢᠲᠠᠯ ᠪᠤᠯᠭᠠᠵᠤ᠂ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ 2231 ᠲᠤᠭᠠᠲᠤ ᠰᠢᠢᠳᠪᠦᠷᠢ ᠪᠠ ᠢᠷᠠᠨ ᠤ ᠴᠦᠮ᠎ᠡ ᠶᠢᠨ ᠬᠡᠯᠡᠯᠴᠡᠭᠡᠷ ᠤᠨ ᠬᠠᠮᠢᠶᠠᠲᠠᠢ ᠠᠭᠤᠯᠭ᠎ᠠ ᠶᠢ ᠵᠦᠷᠢᠴᠡᠭᠰᠡᠨ ᠦᠭᠡᠢ ᠮᠦᠷᠲᠡᠭᠡᠨ ᠵᠠᠯᠭᠤᠷᠲᠤ ᠰᠤᠮᠤ ᠬᠦᠭᠡᠷᠭᠡᠬᠦ ᠨᠢ ᠴᠦᠮ᠎ᠡ ᠶᠢᠨ ᠵᠡᠪᠰᠡᠭ ᠲᠠᠢ ᠬᠠᠮᠢᠶ᠎ᠠ ᠦᠭᠡᠢ ᠭᠡᠵᠡᠢ᠃

    ᠠᠮᠧᠷᠢᠺᠠ ᠶᠢᠨ ᠶᠡᠷᠦᠩᠬᠡᠶᠢᠯᠡᠭᠴᠢ ᠲᠷᠠᠮᠫ 13 ᠤ ᠡᠲᠦᠷ ᠢᠯᠡᠷᠬᠡᠶᠢᠯᠡᠯᠲᠡ ᠨᠡᠶᠢᠲᠡᠯᠡᠵᠦ᠂ ᠢᠷᠠᠨ ᠤ ᠴᠦᠮ᠎ᠡ ᠶᠢᠨ ᠬᠡᠯᠡᠯᠴᠡᠭᠡᠷ ᠤᠨ ᠲᠤᠬᠠᠢ ᠠᠮᠠᠯᠠᠯᠲᠠ ᠶᠢ ᠨᠤᠲᠠᠯᠠᠬᠤ ᠡᠴᠡ ᠲᠠᠲᠠᠭᠠᠯᠵᠠᠭᠰᠠᠨ ᠪᠦᠭᠡᠳ ᠢᠷᠠᠨ ᠤ ᠢᠰᠯᠠᠮ ᠤᠨ ᠬᠤᠪᠢᠰᠬᠠᠯᠲᠤ ᠬᠠᠮᠠᠭᠠᠯᠠᠬᠤ ᠪᠠᠭ ᠲᠤ ᠵᠠᠯᠬᠠᠭᠠᠯ ᠦᠵᠡᠬᠦᠯᠦᠨ᠎ᠡ ᠭᠡᠵᠡᠢ᠃ ᠲᠤᠶᠢᠮᠤᠴᠢᠳ ᠤᠨ ᠦᠵᠡᠬᠦ ᠪᠡᠷ᠂ ᠬᠡᠲᠦᠶᠢᠪᠡᠷ ᠲᠤᠬᠠᠢ ᠶᠢᠨ ᠡᠲᠦᠷ ᠲᠷᠠᠮᠫ ᠢᠷᠠᠨ ᠤ ᠬᠡᠯᠡᠯᠴᠡᠭᠡᠷ ᠡᠴᠡ ᠭᠠᠷᠤᠭᠰᠠᠨ ᠦᠭᠡᠢ ᠴᠤ ᠲᠡᠬᠦᠨ ᠤ ᠬᠢᠭ᠍ᠰᠡᠨ ᠠᠷᠭ᠎ᠠ ᠬᠡᠮᠵᠢᠶ᠎ᠠ ᠨᠢ ᠵᠦᠷᠢᠴᠡᠯ ᠢ ᠬᠤᠷᠴᠠᠲᠤᠭᠤᠯᠵᠤ᠂ ᠢᠷᠠᠨ ᠤ ᠬᠡᠯᠡᠯᠴᠡᠭᠡᠷ ᠤᠨ ᠶᠠᠪᠤᠭᠲᠠᠬᠤ ᠳ᠋ᠤ ᠰᠠᠭᠠᠳ ᠠᠪᠴᠢᠷᠠᠬᠤ ᠪᠤᠯᠤᠨ᠎ᠠ ᠭᠡᠵᠡᠢ᠃

    2015 ᠤᠨ ᠤ 7 ᠰᠠᠷ᠌᠎ᠠ ᠳ᠋ᠤ᠂ ᠢᠷᠠᠨ ᠪᠠ ᠢᠷᠠᠨ ᠤ ᠴᠦᠮ᠎ᠡ ᠶᠢᠨ ᠠᠰᠠᠭᠤᠲᠠᠯ ᠤᠨ ᠵᠢᠷᠭᠤᠭᠠᠨ ᠤᠯᠤᠰ (ᠠᠮᠧᠷᠢᠺᠠ᠂ ᠠᠩᠭ᠍ᠯᠢ᠂ ᠹᠷᠠᠨᠼᠢ᠂ ᠤᠷᠤᠰ᠂ ᠲᠤᠮᠲᠠᠲᠤ ᠤᠯᠤᠰ ᠪᠠ ᠭ᠍ᠧᠷᠮᠠᠨ)ᠪᠦᠬᠦ ᠲᠠᠯ᠎ᠠ ᠶᠢᠨ ᠬᠡᠯᠡᠯᠴᠡᠭᠡᠷ ᠲᠤᠬᠢᠷᠠᠯᠴᠠᠪᠠ᠃ ᠬᠡᠯᠡᠯᠴᠡᠭᠡᠷ ᠢ ᠦᠨᠳᠦᠰᠦᠯᠡᠪᠡᠯ᠂ ᠢᠷᠠᠨ ᠴᠦᠮ᠎ᠡ ᠶᠢᠨ ᠲᠦᠰᠦᠯ ᠢ ᠬᠢᠵᠠᠭᠠᠷᠯᠠᠬᠤ ᠪᠠᠨ ᠠᠮᠠᠯᠠᠵᠤ᠂ ᠲᠡᠯᠡᠬᠡᠢ ᠨᠡᠶᠢᠲᠡ ᠶᠢᠨ ᠬᠢᠨ ᠢᠷᠠᠨ ᠳ᠋ᠡᠬᠢ ᠵᠠᠯᠬᠠᠭᠠᠯ ᠶᠢᠡᠨ ᠵᠤᠭᠰᠤᠭᠠᠨ᠂ ᠤᠯᠠᠨ ᠤᠯᠤᠰ ᠤᠨ ᠠᠲ᠋ᠤᠮ ᠤᠨ ᠡᠨᠧᠷᠬᠢ ᠶᠢᠨ ᠪᠠᠶᠢᠭᠤᠯᠤᠯᠭ᠎ᠠ ᠡᠴᠡ ᠢᠷᠠᠨ ᠤ ᠬᠡᠯᠡᠯᠴᠡᠭᠡᠷ ᠢ ᠬᠡᠷᠡᠭᠵᠢᠬᠦᠯᠵᠦ ᠪᠠᠶᠢᠭ᠎ᠠ ᠪᠠᠶᠢᠲᠠᠯ ᠳ᠋ᠤ ᠬᠢᠨᠠᠯᠲᠠ ᠲᠠᠯᠪᠢᠨ᠎ᠠ᠃ ᠡᠨᠡ ᠤᠨ ᠤ 8 ᠰᠠᠷ᠎ᠠ ᠶᠢᠨ 31 ᠤ ᠡᠲᠦᠷ᠂ ᠤᠯᠠᠨ ᠤᠯᠤᠰ ᠤᠨ ᠠᠲ᠋ᠤᠮ ᠤᠨ ᠡᠨᠧᠷᠬᠢ ᠶᠢᠨ ᠪᠠᠶᠢᠭᠤᠯᠤᠯᠭ᠎ᠠ ᠶᠢᠨ ᠬᠠᠮᠤᠭ ᠤᠨ ᠰᠢᠨ᠎ᠡ ᠮᠡᠲᠡᠬᠦᠯᠦᠯᠲᠡ ᠳ᠋ᠤ᠂ ᠢᠷᠠᠨ ᠲᠤᠰ ᠬᠡᠯᠡᠯᠴᠡᠭᠡᠷ ᠢ ᠬᠡᠷᠡᠭᠵᠢᠬᠦᠯᠵᠦ ᠪᠠᠶᠢᠭ᠎ᠠ ᠲᠤᠬᠠᠢ ᠨᠤᠲᠠᠯᠠᠵᠤ ᠦᠩᠭᠡᠷᠡᠭᠰᠡᠨ ᠪᠠᠶᠢᠲᠠᠭ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121861783