蒙古文网站Logo
ᠰᠢᠨᠬᠤᠸᠠ ᠮᠤᠩᠭ᠋ᠤᠯ ᠨᠧᠲ

ᠰᠢᠨ᠎ᠡ ᠡᠭᠡᠯᠵᠢ ᠶᠢᠨ ᠬᠢᠬᠠᠬᠤ ᠸᠢᠷᠦ᠋ᠰ ᠤᠷᠤᠰ ᠵᠡᠷᠭᠡ ᠤᠯᠤᠰ ᠢ ᠲᠠᠭᠠᠷᠢᠪᠠ

2017-10-26 17:31

    ᠰᠢᠨᠬᠤᠧᠠ ᠬᠤᠷᠢᠶ᠎ᠠ   ᠮᠤᠰᠺᠧᠠ ᠶᠢᠨ 10 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠲᠡᠭᠡ   ᠰᠡᠬᠦᠯ ᠤᠨ ᠦᠶ᠎ᠠ ᠳ᠋ᠤ 《ᠬᠡᠴᠡᠬᠦᠦ ᠲᠠᠦᠯᠠᠢ》ᠬᠡᠮᠡᠬᠦ ᠬᠢᠬᠠᠬᠤ ᠸᠢᠷᠦ᠋ᠰ ᠤᠷᠤᠰ᠂ ᠦᠺᠷᠠᠶᠢᠨ ᠵᠡᠷᠭᠡ ᠤᠯᠤᠰ ᠤᠨ ᠬᠡᠪᠯᠡᠯ ᠮᠡᠲᠡᠭᠡᠯᠡᠯ᠂ ᠵᠠᠮ ᠬᠠᠷᠢᠯᠴᠠᠭᠠᠨ ᠤ ᠲᠦᠬᠦᠭᠡᠷᠦᠮᠵᠢ ᠵᠡᠷᠭᠡ ᠺᠤᠮᠫᠢᠦ᠋ᠲ᠋ᠧᠷ ᠤᠨ ᠰᠦᠯᠵᠢᠶ᠎ᠠ ᠶᠢ ᠲᠠᠭᠠᠷᠢᠪᠠ᠃

    ᠤᠷᠤᠰ ᠤᠨ ᠰᠦᠯᠵᠢᠶᠠᠨ ᠤ ᠠᠮᠤᠷ ᠲᠦᠪᠰᠢᠨ ᠤ ᠦᠢᠯᠡᠳᠪᠦᠷᠢᠴᠢᠨ ᠤ ᠬᠡᠯᠡᠬᠦ ᠪᠡᠷ 《ᠬᠡᠴᠡᠬᠦᠦ ᠲᠠᠦᠯᠠᠢ》 ᠬᠢᠬᠠᠬᠤ ᠸᠢᠷᠦ᠋ᠰ ᠤᠷᠤᠰ᠂ ᠦᠺᠷᠠᠶᠢᠨ᠂ ᠲᠦᠷᠺ᠂ ᠭ᠍ᠧᠷᠮᠠᠨ ᠤ ᠬᠢᠯᠢ ᠳ᠋ᠡᠬᠢ 200 ᠤᠷᠴᠢᠮ ᠤᠨ ᠺᠤᠮᠫᠠᠨᠢ ᠶᠢᠨ ᠺᠤᠮᠫᠢᠦ᠋ᠲ᠋ᠧᠷ ᠤᠨ ᠰᠦᠯᠵᠢᠶ᠎ᠠ ᠶᠢ ᠲᠠᠭᠠᠷᠢᠭᠰᠠᠨ᠂ ᠭᠡᠬᠦ ᠳ᠋ᠡᠭᠡᠨ ᠤᠯᠠᠩᠬᠢ ᠨᠢ ᠤᠷᠤᠰ ᠤᠨ ᠬᠢᠯᠢ ᠳ᠋ᠤ ᠪᠤᠢ ᠭᠡᠵᠡᠢ᠃

    ᠤᠷᠤᠰ ᠤᠨ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠶᠢᠡᠷ᠂ 25 ᠤ ᠤᠷᠤᠢ ᠪᠤᠯᠲᠠᠯ᠎ᠠ ᠤᠷᠤᠰ ᠤᠨ ᠬᠡᠲᠦᠨ ᠬᠡᠪᠯᠡᠯ ᠮᠡᠲᠡᠭᠡᠯᠡᠯ ᠤᠨ ᠺᠤᠮᠫᠢᠦ᠋ᠲ᠋ᠧᠷ ᠤᠨ ᠰᠦᠯᠵᠢᠶ᠎ᠠ 《ᠬᠡᠴᠡᠬᠦᠦ ᠲᠠᠦᠯᠠᠢ》ᠬᠢᠬᠠᠬᠤ ᠸᠢᠷᠦ᠋ᠰ ᠲᠤ ᠲᠠᠭᠠᠷᠢᠭᠲᠠᠭᠰᠠᠨ ᠭᠡᠵᠡᠢ᠃

    ᠤᠷᠤᠰ ᠤᠨ Group – IB ᠰᠦᠯᠵᠢᠶᠠᠨ ᠤ ᠠᠮᠤᠷ ᠲᠦᠪᠰᠢᠨ ᠤ ᠺᠤᠮᠫᠠᠨᠢ ᠶᠢᠨ ᠵᠠᠲᠠᠷᠠᠭᠤᠯᠤᠭᠰᠠᠨ ᠶᠢᠡᠷ᠂ 《ᠬᠡᠴᠡᠬᠦᠦ ᠲᠠᠦᠯᠠᠢ》ᠬᠢᠬᠠᠬᠤ ᠸᠢᠷᠦ᠋ᠰ ᠤᠷᠤᠰ ᠤᠨ ᠬᠢᠯᠢ ᠳ᠋ᠡᠬᠢ ᠭᠤᠤᠯ ᠪᠤᠯᠬᠤ ᠬᠡᠲᠦᠨ ᠪᠠᠩᠬᠢ ᠶᠢᠨ ᠺᠤᠮᠫᠢᠦ᠋ᠲ᠋ᠧᠷ ᠤᠨ ᠰᠢᠰᠲ᠋ᠧᠮ ᠢ ᠲᠠᠭᠠᠷᠢᠬᠤ ᠪᠡᠷ ᠪᠡᠯᠡᠳᠭᠡᠵᠦ ᠪᠠᠶᠢᠭᠰᠠᠠ ᠴᠤ ᠢᠯᠠᠭᠲᠠᠯ ᠳ᠋ᠤ ᠤᠴᠠᠷᠠᠭᠰᠠᠨ ᠶᠤᠮ ᠪᠠᠶᠢᠨ᠎ᠠ᠃ 25 ᠤ ᠡᠲᠦᠷ ᠤᠷᠤᠰ ᠤᠨ ᠲᠦᠪ ᠪᠠᠩᠬᠢ ᠮᠡᠲᠡᠬᠦᠯᠦᠯᠲᠡ ᠨᠡᠶᠢᠲᠡᠯᠡᠵᠦ᠂ 《ᠬᠡᠴᠡᠬᠦᠦ ᠲᠠᠦᠯᠠᠢ》ᠬᠢᠬᠠᠬᠤ ᠸᠢᠷᠦ᠋ᠰ ᠲᠤᠰ ᠪᠠᠩᠬᠢ ᠶᠢᠨ ᠺᠤᠮᠫᠢᠦ᠋ᠲ᠋ᠧᠷ ᠤᠨ ᠰᠢᠰᠲ᠋ᠧᠮ ᠢ ᠲᠠᠭᠠᠷᠢᠭᠰᠠᠨ ᠴᠤ ᠡᠪᠲᠡᠯᠡᠭᠡ ᠪᠤᠯᠵᠤ ᠴᠢᠲᠠᠭᠰᠠᠨ ᠦᠭᠡᠢ ᠬᠡᠵᠡᠢ᠃

    ᠭᠠᠲᠠᠭᠠᠲᠤ ᠶᠢᠨ ᠬᠡᠪᠯᠡᠯ ᠮᠡᠲᠡᠭᠡᠯᠡᠯ ᠤᠨ ᠮᠡᠲᠡᠭᠡᠯᠡᠭᠰᠡᠨ ᠢ ᠦᠨᠳᠦᠰᠦᠯᠡᠪᠡᠯ᠂ 《ᠬᠡᠴᠡᠬᠦᠦ ᠲᠠᠦᠯᠠᠢ》ᠬᠢᠬᠠᠬᠤ ᠸᠢᠷᠦ᠋ᠰ ᠦᠺᠷᠠᠶᠢᠨ ᠡᠴᠡ ᠡᠭᠦᠰᠦᠭᠰᠡᠨ ᠪᠠᠶᠢᠵᠤ ᠮᠡᠲᠡᠨ᠎ᠡ᠃

    ᠲᠤᠶᠢᠮᠤᠴᠢᠳ ᠤᠨ ᠦᠵᠡᠬᠦ ᠪᠡᠷ᠂ ᠲᠤᠰ ᠤᠲᠠᠭᠠᠨ ᠤ ᠬᠢᠬᠠᠬᠤ ᠸᠢᠷᠦ᠋ᠰ  ᠨᠢ ᠡᠨᠡ ᠤᠨ ᠤ 6 ᠰᠠᠷ᠎ᠠ ᠳ᠋ᠤ ᠡᠭᠦᠰᠦᠭᠰᠡᠨ ᠲᠠᠭᠠᠷᠢᠯᠲᠠ ᠲᠠᠢ ᠠᠲᠠᠯᠢᠪᠲᠤᠷ᠃ ᠲᠤᠬᠠᠢ ᠶᠢᠨ ᠦᠶ᠎ᠠ ᠳ᠋ᠤ ᠤᠯᠠᠩᠬᠢ ᠤᠯᠤᠰ ᠤᠨ ᠡᠮᠨᠡᠯᠭᠡ᠂ ᠵᠠᠰᠠᠭ ᠤᠨ ᠭᠠᠵᠠᠷ ᠤᠨ ᠰᠦᠯᠵᠢᠶ᠎ᠠ᠂ ᠤᠯᠤᠰ ᠠᠯᠤᠰᠯᠠᠭᠰᠠᠨ ᠺᠤᠮᠫᠠᠨᠢ ᠶᠢᠨ ᠺᠤᠮᠫᠢᠦ᠋ᠲ᠋ᠧᠷ ᠲᠡᠬᠢ ᠪᠢᠴᠢᠭ᠌ ᠮᠠᠲ᠋ᠧᠷᠢᠶᠠᠯ ᠨᠢᠭᠤᠴᠠᠯᠠᠭᠲᠠᠵᠤ᠂ ᠵᠤᠯᠢᠶᠠᠰᠤ ᠮᠦᠩᠬᠦ ᠠᠪᠬᠤ ᠭᠡᠰᠡᠨ ᠪᠠᠶᠢᠪᠠ᠃

    ᠡᠭᠦᠨ ᠡᠴᠡ ᠡᠮᠦᠨᠡᠬᠡᠨ 5 ᠰᠠᠷ᠎ᠠ ᠶᠢᠨ ᠦᠶ᠎ᠠ ᠳ᠋ᠤ ᠲᠡᠯᠡᠬᠡᠢ ᠶᠢᠨ ᠤᠯᠠᠨ ᠤᠯᠤᠰ ᠮᠦᠨ ᠺᠤᠮᠫᠢᠦ᠋ᠲ᠋ᠧᠷ ᠤᠨ ᠸᠢᠷᠦ᠋ᠰ ᠲᠤ ᠲᠠᠭᠠᠷᠢᠭᠲᠠᠪᠠ᠃ ᠡᠨᠡ ᠤᠨ ᠡᠴᠡ ᠨᠠᠰᠢ ᠺᠤᠮᠫᠢᠦ᠋ᠲ᠋ᠧᠷ ᠤᠨ ᠸᠢᠷᠦ᠋ᠰ ᠤᠨ ᠲᠠᠭᠠᠷᠢᠯᠲᠠ ᠪᠠᠶᠢᠨ ᠲᠠᠬᠢᠨ ᠡᠭᠦᠰᠴᠤ ᠪᠠᠶᠢᠨ᠎ᠠ᠃ ᠰᠦᠯᠵᠢᠶᠠᠨ ᠤ ᠠᠮᠤᠷ ᠲᠦᠪᠰᠢᠨ ᠤ ᠺᠤᠮᠫᠠᠨᠢ ᠶᠢᠨ ᠬᠢᠨ ᠵᠠᠰᠠᠭ ᠤᠨ ᠤᠷᠲᠤᠨ᠂ ᠺᠤᠮᠫᠠᠨᠢ ᠵᠡᠷᠭᠡ ᠶᠢᠨ ᠺᠤᠮᠫᠢᠦ᠋ᠲ᠋ᠧᠷ ᠤᠨ ᠰᠢᠰᠲ᠋ᠧᠮ ᠶᠢᠡᠨ ᠰᠢᠨᠡᠴᠢᠯᠡᠬᠦ ᠶᠢᠨ ᠬᠠᠮᠲᠤ ᠦᠯᠦ ᠮᠡᠲᠡᠬᠦ ᠢᠮᠸᠯ ᠢ ᠨᠡᠬᠡᠬᠡᠵᠦ ᠦᠵᠡᠬᠦ ᠡᠴᠡ ᠲᠠᠲᠠᠭᠠᠯᠵᠠᠬᠤ ᠶᠢ ᠰᠠᠨᠠᠭᠤᠯᠵᠤ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121861815