蒙古文网站Logo
ᠰᠢᠨᠬᠤᠸᠠ ᠮᠤᠩᠭ᠋ᠤᠯ ᠨᠧᠲ

ᠤᠷᠤᠰ ᠺᠦᠷᠢᠯ ᠠᠷᠠᠯ ᠳ᠋ᠤ ᠲᠠᠯᠠᠢ ᠶᠢᠨ ᠴᠡᠷᠢᠭ ᠤᠨ ᠰᠠᠭᠤᠷᠢᠨ ᠪᠠᠶᠢᠭᠤᠯᠬᠤ ᠪᠡᠷ ᠲᠦᠯᠦᠪᠯᠡᠵᠦ ᠪᠠᠶᠢᠨ᠎ᠠ

2017-10-27 17:34

    ᠰᠢᠨᠬᠤᠧᠠ ᠬᠤᠷᠢᠶ᠎ᠠ   ᠮᠤᠰᠺᠸᠠ ᠶᠢᠨ 10 ᠰᠠᠷ᠎ᠠ ᠶᠢᠨ 26 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠠᠨ ᠰᠢᠶᠤᠤ ᠮᠧᠩ) ᠤᠷᠤᠰ ᠤᠨ ᠬᠤᠯᠪᠤᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠪᠠ ᠠᠶᠤᠯᠬᠦᠢ ᠶᠢᠨ ᠵᠦᠪᠯᠡᠯ ᠤᠨ ᠲᠡᠳ᠋ ᠲᠡᠷᠢᠬᠦᠯᠡᠭᠴᠢ 26 ᠤ ᠡᠲᠦᠷ ᠬᠡᠯᠡᠬᠦ ᠳ᠋ᠡᠭᠡᠨ᠂ ᠤᠷᠤᠰ ᠺᠦᠷᠢᠯ ᠤᠯᠲᠤᠷᠢᠬ ᠲᠤ ᠲᠠᠯᠠᠢ ᠶᠢᠨ ᠴᠡᠷᠢᠭ ᠤᠨ ᠰᠠᠭᠤᠷᠢᠨ ᠪᠠᠶᠢᠭᠤᠯᠬᠤ ᠰᠢᠢᠳᠪᠦᠷᠢ ᠶᠢ ᠨᠠᠶᠢᠲᠠᠪᠤᠷᠢᠵᠢᠭᠤᠯᠵᠤ ᠪᠠᠶᠢᠨ᠎ᠠ ᠭᠡᠯ᠎ᠡ᠃

    ᠤᠷᠤᠰ ᠤᠨ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠢ ᠦᠨᠳᠦᠰᠦᠯᠡᠪᠡᠯ᠂ ᠤᠷᠤᠰ ᠺᠦᠷᠢᠯ ᠠᠷᠠᠯ ᠳ᠋ᠤ ᠴᠡᠷᠢᠭ ᠤᠨ ᠰᠠᠭᠤᠷᠢᠨ ᠪᠠᠶᠢᠭᠤᠯᠬᠤ ᠪᠡᠷ ᠲᠤᠭᠲᠠᠵᠤ᠂ ᠤᠲᠤᠬᠠᠨ ᠳ᠋ᠤ ᠪᠡᠯᠡᠳᠭᠡᠯ ᠠᠰᠠᠭᠤᠲᠠᠯ ᠤᠨ ᠲᠤᠬᠠᠢ ᠰᠤᠲᠤᠯᠵᠤ ᠪᠠᠶᠢᠭ᠎ᠠ ᠪᠦᠭᠡᠳ ᠲᠤᠩ ᠤᠲᠠᠬᠤ ᠦᠭᠡᠢ ᠰᠠᠭᠤᠷᠢᠨ ᠪᠠᠶᠢᠭᠤᠯᠬᠤ ᠲᠦᠰᠦᠯ ᠢ ᠠᠵᠢᠯᠯᠠᠭᠤᠯᠤᠨ᠎ᠠ᠃ ᠺᠦᠷᠢᠯ ᠠᠷᠠᠯ ᠤᠨ ᠨᠢᠰᠬᠦ ᠤᠩᠭ᠋ᠤᠴᠠᠨ ᠤ ᠰᠦᠯᠵᠢᠶ᠎ᠠ ᠶᠢ ᠪᠠᠶᠢᠭᠤᠯᠬᠤ ᠠᠵᠢᠯ ᠴᠤ ᠬᠠᠮᠲᠤ ᠳ᠋ᠤᠨᠢ ᠶᠠᠪᠤᠭᠲᠠᠨ᠎ᠠ ᠭᠡᠵᠡᠢ᠃

    ᠤᠷᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠠᠶᠢᠳ 2 ᠰᠠᠷ᠎ᠠ ᠶᠢᠨ ᠦᠶ᠎ᠠ ᠪᠡᠷ ᠵᠢᠯ ᠤᠨ ᠲᠤᠲᠤᠷ᠎ᠠ ᠺᠦᠷᠢᠯ ᠠᠷᠠᠯ ᠳ᠋ᠤ ᠨᠢᠭᠡ ᠳ᠋ᠢᠸᠢᠽᠢ  ᠴᠡᠷᠢᠭ ᠲᠤᠮᠢᠯᠠᠨ᠎ᠠ ᠭᠡᠵᠡᠢ᠃ ᠡᠭᠦᠨ ᠤ ᠲᠠᠷᠠᠭ᠎ᠠ ᠪᠡᠷ ᠲᠡᠷᠡᠪᠡᠷ ᠶᠠᠫᠤᠨ ᠳ᠋ᠤ ᠠᠶᠢᠯᠴᠢᠯᠠᠵᠤ ᠪᠠᠶᠢᠬᠤ ᠬᠤᠭᠤᠴᠠᠭᠠᠨ ᠳ᠋᠋ᠠᠭᠠᠨ ᠴᠡᠷᠢᠭ ᠠᠩᠬᠢ ᠪᠠᠶᠢᠷᠢᠯᠠᠭᠤᠯᠵᠤ ᠪᠠᠶᠢᠭ᠎ᠠ ᠨᠢ ᠤᠷᠤᠰ ᠨᠤᠲᠤᠭ ᠲᠡᠪᠢᠰᠭᠡᠷ ᠢᠶᠡᠨ ᠬᠠᠮᠠᠭᠠᠯᠠᠵᠤ ᠪᠠᠶᠢᠭ᠎ᠠ ᠶᠠᠪᠤᠲᠠᠯ ᠪᠤᠯᠤᠨ᠎ᠠ᠂ ᠶᠠᠮᠠᠷ ᠨᠢᠭᠡ ᠲᠠᠯ᠎ᠠ ᠳ᠋ᠤ ᠬᠠᠨᠲᠤᠭᠤᠯᠵᠤ ᠪᠠᠶᠢᠭ᠎ᠠ ᠪᠢᠰᠢ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121868056