蒙古文网站Logo
ᠰᠢᠨᠬᠤᠸᠠ ᠮᠤᠩᠭ᠋ᠤᠯ ᠨᠧᠲ

ᠠᠮᠧᠷᠢᠺᠠ ᠤᠷᠤᠰ ᠢ ᠵᠠᠯᠬᠠᠭᠠᠬᠤ ᠵᠢᠯᠤᠭᠤᠳᠬᠤ ᠰᠠᠨᠠᠯ ᠨᠡᠶᠢᠲᠡᠯᠡᠪᠡ

2017-10-29 12:20

    ᠰᠢᠨᠬᠤᠧᠠ ᠬᠤᠷᠢᠶ᠎ᠠ   ᠸᠠᠰᠢᠩᠲ᠋ᠤᠨ ᠤ 10 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠵᠦ ᠳ᠋ᠦᠩ ᠶᠠᠩ) 27 ᠤ ᠡᠲᠦᠷ ᠠᠮᠸᠷᠢᠺᠠ ᠶᠢᠨ ᠲᠦᠷᠦ ᠶᠢᠨ ᠶᠠᠪᠤᠲᠠᠯ ᠤᠨ ᠬᠤᠷᠢᠶᠠᠨ ᠡᠴᠡ ᠤᠷᠤᠰ ᠢ ᠵᠠᠯᠬᠠᠭᠠᠬᠤ ᠵᠢᠯᠤᠭᠤᠳᠬᠤ ᠰᠠᠨᠠᠯ ᠨᠡᠶᠢᠲᠡᠯᠡᠪᠡ᠂ ᠬᠠᠮᠲᠤ ᠳ᠋ᠤᠨᠢ ᠤᠷᠤᠰ ᠤᠨ ᠪᠠᠲᠤᠯᠠᠨ ᠬᠠᠮᠠᠭᠠᠯᠠᠯᠲᠠ ᠪᠠ ᠨᠢᠭᠤᠴᠠ ᠮᠡᠲᠡᠭᠡᠯᠡᠯ ᠳ᠋ᠤ ᠬᠤᠯᠪᠤᠭᠲᠠᠭᠰᠠᠨ 39 ᠬᠦᠮᠦᠨ ᠪᠠ ᠪᠠᠶᠢᠭᠤᠯᠤᠯᠭ᠎ᠠ ᠶᠢᠨ ᠨᠡᠷᠡᠰ ᠢ ᠨᠡᠶᠢᠲᠡᠯᠡᠪᠡ᠃ ᠠᠮᠧᠷᠢᠺᠠ ᠡᠨᠡᠬᠦ ᠵᠢᠯᠤᠭᠤᠳᠬᠤ ᠰᠠᠨᠠᠯ ᠤᠨ ᠲᠠᠭᠠᠤ ᠤᠷᠤᠰ ᠲᠤ ᠶᠠᠪᠤᠭᠤᠯᠬᠤ ᠵᠠᠯᠬᠠᠭᠠᠯ ᠶᠢᠡᠨ ᠨᠡᠮᠡᠬᠦ ᠪᠤᠯᠤᠨ᠎ᠠ᠃

    ᠠᠮᠧᠷᠢᠺᠠ ᠶᠢᠨ ᠲᠦᠷᠦ ᠶᠢᠨ ᠶᠠᠪᠤᠲᠠᠯ ᠤᠨ ᠬᠤᠷᠢᠶᠠᠨ ᠤ ᠨᠢᠭᠡ ᠠᠯᠪᠠᠨ ᠲᠤᠰᠢᠶᠠᠯᠲᠠᠨ ᠬᠡᠪᠯᠡᠯ ᠮᠡᠲᠡᠭᠡᠯᠡᠯ ᠤᠨ ᠰᠤᠷᠪᠤᠯᠵᠢᠯᠠᠭ᠎ᠠ ᠶᠢ ᠬᠦᠯᠢᠶᠡᠬᠦ ᠳ᠋ᠡᠭᠡᠨ ᠲᠤᠰ ᠤᠲᠠᠭᠠᠨ ᠤ ᠵᠠᠯᠬᠠᠭᠠᠯ ᠤᠨ ᠵᠤᠷᠢᠯᠭ᠎ᠠ ᠨᠢ ᠤᠷᠤᠰ ᠤᠨ ᠦᠺᠷᠡᠶᠢᠨ ᠤ ᠵᠡᠬᠦᠨ ᠪᠦᠰᠡ ᠶᠢᠨ ᠬᠢᠮᠤᠷᠠᠯ᠂ ᠢᠨᠲ᠋ᠧᠷᠨᠧᠲ ᠬᠠᠯᠲᠠᠯᠭ᠎ᠠ ᠵᠡᠷᠭᠡ ᠠᠵᠢᠯᠯᠠᠭ᠎ᠠ ᠳ᠋ᠤ ᠠᠪᠤᠭᠰᠠᠨ ᠬᠠᠷᠢᠭᠤ ᠠᠷᠭ᠎ᠠ ᠬᠡᠮᠵᠢᠶ᠎ᠠ ᠪᠤᠯᠤᠨ᠎ᠠ ᠭᠡᠯ᠎ᠡ᠃ ᠲᠡᠷᠡᠪᠡᠷ ᠮᠦᠨ ᠬᠡᠯᠡᠬᠦ ᠳ᠋ᠡᠭᠡᠨ ᠵᠠᠯᠬᠠᠭᠠᠯ ᠤᠨ ᠠᠷᠭ᠎ᠠ ᠬᠡᠮᠵᠢᠶᠠᠨ ᠳ᠋ᠤ ᠬᠠᠮᠢᠶᠠᠲᠠᠢ ᠬᠦᠮᠦᠨ ᠪᠠ ᠪᠤᠲᠠᠲᠤ ᠴᠤᠭᠴᠠ ᠶᠢᠨ ᠡᠳ᠋ ᠤᠨ ᠶᠠᠪᠤᠲᠠᠯ ᠤᠨ ᠰᠤᠯᠢᠯᠴᠠᠭ᠎ᠠ ᠶᠢ ᠴᠠᠭᠠᠵᠠᠯᠠᠬᠤ᠂ ᠠᠮᠧᠷᠢᠺᠠ ᠶᠢᠨ ᠭᠠᠲᠠᠭᠠᠲᠤ ᠳ᠋ᠤ ᠭᠠᠷᠭᠠᠬᠤ ᠪᠠᠩᠬᠢ ᠶᠢᠨ ᠲᠡᠮᠵᠢᠯᠭᠡ ᠶᠢ ᠬᠢᠵᠠᠭᠠᠷᠯᠠᠬᠤ᠂ ᠵᠢᠭᠡᠯᠡᠯᠭᠡ ᠶᠢ ᠬᠢᠵᠠᠭᠠᠷᠯᠠᠬᠤ ᠵᠡᠷᠭᠡ ᠪᠤᠯᠤᠨ᠎ᠠ᠃

    8 ᠰᠠᠷ᠎ᠠ ᠶᠢᠨ 2 ᠤᠨ ᠡᠲᠦᠷ ᠠᠮᠧᠷᠢᠺᠠ ᠶᠢᠨ ᠶᠡᠷᠦᠩᠬᠡᠶᠢᠯᠡᠭᠴᠢ ᠲᠷᠠᠮᠫ ᠤᠷᠤᠰ᠂ ᠢᠷᠠᠨ᠂ ᠰᠤᠯᠤᠩᠭ᠋ᠤᠰ ᠢ ᠵᠠᠯᠬᠠᠭᠠᠬᠤ ᠬᠠᠦᠯᠢ ᠶᠢᠨ ᠲᠦᠰᠦᠯ ᠳ᠋ᠤ ᠭᠠᠷ ᠤᠨ ᠦᠰᠦᠭ ᠵᠢᠷᠤᠪᠠ᠃ ᠬᠠᠦᠯᠢ ᠶᠢᠨ ᠲᠦᠰᠦᠯ ᠤᠨ ᠠᠭᠤᠯᠭ᠎ᠠ ᠶᠢ ᠦᠨᠳᠦᠰᠦᠯᠡᠪᠡᠯ᠂ ᠠᠮᠧᠷᠢᠺᠠ ᠤᠷᠤᠰ ᠢ ᠠᠮᠧᠷᠢᠺᠠ ᠶᠢᠨ 2016 ᠤᠨ ᠤ ᠶᠡᠷᠦᠩᠬᠡᠶᠢᠯᠡᠭᠴᠢ ᠶᠢᠨ ᠰᠤᠩᠭ᠋ᠤᠭᠤᠯᠢ ᠪᠠ ᠦᠺᠷᠡᠶᠢᠨ ᠤ ᠬᠢᠮᠤᠷᠠᠯ ᠵᠡᠷᠭᠡ ᠪᠡᠷ ᠰᠢᠯᠲᠠᠭᠠᠯᠠᠨ᠂ ᠤᠷᠤᠰ ᠤᠨ ᠬᠠᠮᠢᠶᠠᠲᠠᠢ ᠬᠦᠮᠦᠨ ᠪᠠ ᠪᠤᠲᠠᠲᠤ ᠴᠤᠭᠴᠠ ᠳ᠋ᠡᠬᠢ ᠵᠠᠯᠬᠠᠭᠠᠯ ᠶᠢᠡᠨ ᠨᠡᠮᠡᠬᠦ ᠪᠡᠷ ᠪᠤᠯᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121872607