蒙古文网站Logo
ᠰᠢᠨᠬᠤᠸᠠ ᠮᠤᠩᠭ᠋ᠤᠯ ᠨᠧᠲ

ᠺᠤᠷᠢᠶᠠ ᠶᠢᠨ ᠲᠦᠷᠪᠡᠨ ᠬᠤᠪᠢ ᠶᠢᠨ ᠰᠤᠷᠤᠭᠴᠢᠳ ᠤᠨ ᠤᠨᠲᠠᠯᠭ᠎ᠠ 6 ᠴᠠᠭ ᠬᠦᠷᠬᠦ ᠦᠭᠡᠢ ᠪᠠᠶᠢᠨ᠎ᠠ

2017-10-31 12:31

    ᠺᠤᠷᠢᠶᠠ ᠶᠢᠨ ᠰᠤᠷᠭᠠᠨ ᠬᠦᠮᠦᠵᠢᠯ ᠤᠨ ᠶᠠᠮᠤᠨ ᠤ ᠬᠠᠮᠤᠭ ᠤᠨ ᠰᠢᠨ᠎ᠡ ᠪᠠᠶᠢᠴᠠᠭᠠᠯᠲᠠ ᠳ᠋ᠤ ᠦᠵᠡᠬᠦᠯᠦᠭᠰᠡᠨ ᠶᠢᠡᠷ᠂ ᠺᠤᠷᠢᠶᠠ ᠶᠢᠨ ᠲᠦᠷᠪᠡᠨ ᠬᠤᠪᠢ ᠶᠢᠨ ᠰᠤᠷᠤᠭᠴᠢᠳ ᠤᠨ ᠡᠲᠦᠷ ᠪᠦᠷᠢ ᠶᠢᠨ ᠤᠨᠲᠠᠯᠭ᠎ᠠ 6 ᠴᠠᠭ ᠬᠦᠷᠬᠦ ᠦᠭᠡᠢ ᠪᠠᠶᠢᠨ᠎ᠠ᠂ ᠡᠨᠡ ᠨᠢ ᠭᠤᠤᠯᠲᠠᠭᠤ ᠰᠤᠷᠤᠭᠴᠢᠳ ᠤᠨ ᠬᠢᠴᠢᠶᠠᠯ ᠤᠨ ᠲᠠᠷᠤᠭᠠᠰᠤ ᠪᠠ ᠢᠨᠲ᠋ᠧᠷᠨᠧᠲ ᠲᠤ ᠰᠢᠨᠤᠬᠰᠠᠨ ᠡᠴᠡ ᠪᠤᠯᠪᠠ ᠭᠡᠵᠡᠢ᠃

    ᠺᠤᠷᠢᠶᠠ ᠶᠢᠨ ᠨᠢᠭᠡᠲᠦᠭᠰᠡᠨ ᠮᠡᠲᠡᠭᠡᠯᠡᠯ ᠤᠨ ᠬᠤᠷᠢᠶ᠎ᠠ ᠶᠢᠨ 29 ᠤ ᠡᠲᠦᠷ ᠮᠡᠲᠡᠭᠡᠯᠡᠭᠰᠡᠨ ᠶᠢᠡᠷ᠂ ᠪᠠᠶᠢᠴᠠᠭᠠᠯᠲᠠ ᠳ᠋ᠤ ᠤᠯᠤᠰ ᠲᠠᠶᠠᠭᠠᠷ ᠤᠨ 765 ᠦᠨᠳᠦᠷ ᠲᠤᠮᠲᠠᠲᠤ ᠶᠢᠨ 8.2 ᠲᠦᠮᠡ ᠭᠠᠷᠤᠢ ᠬᠦᠮᠦᠨ ᠤᠷᠤᠯᠴᠠᠪᠠ᠃ ᠪᠠᠶᠢᠴᠠᠭᠠᠯᠲᠠ ᠳ᠋ᠤ ᠦᠵᠡᠬᠦᠯᠦᠭᠰᠡᠨ ᠶᠢᠡᠷ᠂ ᠦᠩᠭᠡᠷᠡᠭᠰᠡᠨ ᠤᠨ ᠤ 4 ᠰᠠᠷ᠎ᠠ ᠡᠴᠡ 9 ᠰᠠᠷ᠎ᠠ ᠶᠢᠨ ᠬᠤᠭᠤᠷᠤᠨᠲᠤ᠂ 43.9% ᠬᠦᠮᠦᠨ ᠤ ᠤᠨᠲᠠᠯᠭ᠎ᠠ 6 ᠴᠠᠭ ᠬᠦᠷᠦᠭᠰᠡᠨ ᠦᠭᠡᠢ᠃ ᠭᠡᠬᠦ ᠳ᠋ᠡᠭᠡᠨ ᠺᠤᠷᠢᠶᠠ ᠶᠢᠨ ᠲᠤᠮᠲᠠᠲᠤ ᠪᠠᠭ᠎ᠠ ᠰᠤᠷᠭᠠᠭᠤᠯᠢ ᠳ᠋ᠤ ᠬᠢᠭ᠍ᠰᠡᠨ ᠪᠠᠶᠢᠴᠠᠭᠠᠯᠲᠠ ᠳ᠋ᠤ ᠡᠨᠡᠬᠦ ᠬᠠᠷᠢᠴᠠᠯ ᠨᠢ 3 % ᠪᠠ 12% ᠪᠠᠶᠢᠪᠠ᠃

    ᠪᠠᠶᠢᠴᠠᠭᠠᠯᠲᠠ ᠳ᠋ᠤ ᠬᠠᠷᠠᠭᠤᠯᠤᠭᠰᠠᠨ ᠶᠢᠡᠷ᠂ ᠦᠨᠳᠦᠷ ᠲᠤᠮᠲᠠᠲᠤ ᠶᠢᠨ ᠡᠮᠡᠭᠲᠡᠢ ᠰᠤᠷᠤᠭᠴᠢ ᠶᠢᠨ ᠤᠨᠲᠠᠬᠤ ᠴᠠᠭ ᠨᠢ ᠡᠷᠡᠭᠲᠡᠢ ᠰᠤᠷᠤᠭᠴᠢ ᠡᠴᠡ ᠪᠠᠭ᠎ᠠ᠂ ᠤᠨᠲᠠᠯᠭ᠎ᠠ ᠨᠢ 6 ᠴᠠᠭ ᠬᠦᠷᠬᠦ ᠦᠭᠡᠢ ᠡᠮᠡᠭᠲᠡᠢ ᠰᠤᠷᠤᠭᠴᠢ 52.9 %᠂ ᠡᠷᠡᠭᠲᠡᠢ ᠰᠤᠷᠤᠭᠴᠢ 35.6% ᠪᠠᠶᠢᠪᠠ᠃

    ᠤᠷᠤᠨ ᠪᠦᠰᠡ ᠶᠢᠨ ᠬᠤᠪᠢ ᠳ᠋ᠤ ᠳ᠋ᠧᠶᠢᠽᠸᠨ ᠬᠤᠲᠠ ᠶᠢᠨ ᠦᠨᠳᠦᠷ ᠲᠤᠮᠲᠠᠲᠤ ᠶᠢᠨ ᠰᠤᠷᠤᠭᠴᠢᠳ ᠬᠠᠮᠤᠭ ᠡᠴᠡ ᠢᠯᠡᠬᠦᠦ ᠰᠦᠨᠢᠵᠢᠵᠦ᠂ ᠤᠨᠲᠠᠯᠭ᠎ᠠ ᠨᠢ 6 ᠴᠠᠭ ᠬᠦᠷᠬᠦ ᠦᠭᠡᠢ ᠰᠤᠷᠤᠭᠴᠢ 61.6%  ᠳ᠋ᠤ ᠬᠦᠷᠴᠦ ᠪᠠᠶᠢᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121883577