蒙古文网站Logo
ᠰᠢᠨᠬᠤᠸᠠ ᠮᠤᠩᠭ᠋ᠤᠯ ᠨᠧᠲ

ᠮᠠᠨᠾᠠᠲ᠋ᠠᠨ ᠳ᠋ᠤ ᠮᠠᠰᠢᠨ ᠶᠢᠡᠷ ᠬᠦᠮᠦᠨ ᠲᠠᠭᠠᠷᠢᠭᠰᠠᠨ ᠰᠦᠷᠲᠡᠬᠦᠯᠦᠯ ᠤᠨ ᠬᠡᠷᠡᠭ ᠭᠠᠷᠴᠤ 8 ᠬᠦᠮᠦᠨ ᠠᠮᠢ ᠪᠠᠨ ᠠᠯᠲᠠᠪᠠ

2017-11-01 15:44

    ᠰᠢᠨᠬᠤᠧᠠ ᠬᠤᠷᠢᠶ᠎ᠠ   ᠨᠢᠦ᠋ ᠶᠤᠷᠺ ᠤᠨ 10 ᠰᠠᠷ᠎ᠠ ᠶᠢᠨ 31 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠸᠠᠩ ᠸᠸᠨ᠂ ᠰᠦᠨ ᠡᠦ ᠮᠧᠩ ) 10 ᠰᠠᠷ᠎ᠠ ᠶᠢᠨ 31 ᠤ ᠡᠲᠦᠷ ᠠᠮᠸᠷᠢᠺᠠ ᠶᠢᠨ ᠮᠠᠨᠾᠠᠲ᠋ᠠᠨ ᠳ᠋ᠤ ᠮᠠᠰᠢᠨ ᠶᠢᠡᠷ ᠬᠦᠮᠦᠨ ᠲᠠᠭᠠᠷᠢᠭᠰᠠᠨ ᠰᠦᠷᠲᠡᠬᠦᠯᠦᠯ ᠤᠨ ᠬᠡᠷᠡᠭ ᠭᠠᠷᠴᠤ 8 ᠬᠦᠮᠦᠨ ᠠᠮᠢ ᠪᠠᠨ ᠠᠯᠲᠠᠨ 10 ᠭᠠᠷᠤᠢ ᠬᠦᠮᠦᠨ ᠰᠢᠷᠬᠠᠲᠤᠪᠠ᠃

    ᠨᠢᠦ᠋ ᠶᠤᠷᠺ ᠤᠨ ᠴᠠᠭᠲᠠᠭᠠᠨ ᠤ ᠲᠤᠪᠴᠢᠶᠠᠨ ᠤ ᠲᠠᠷᠤᠭ᠎ᠠ ᠬᠡᠪᠯᠡᠯ ᠮᠡᠲᠡᠭᠡᠯᠡᠯ ᠤᠨ ᠪᠠᠭ᠎ᠠ ᠬᠤᠷᠠᠯ ᠤᠨ ᠦᠶ᠎ᠠ ᠪᠡᠷ ᠬᠡᠯᠡᠬᠦ ᠳ᠋ᠡᠭᠡᠨ᠂ ᠲᠤᠬᠠᠢ ᠶᠢᠨ ᠡᠲᠦᠷ ᠤᠨ ᠦᠲᠡ ᠡᠴᠡ ᠬᠤᠶᠢᠰᠢᠬᠢ 3᠄ 05 ᠴᠠᠭ ᠲᠤ 29 ᠨᠠᠰᠤᠲᠠᠢ ᠡᠷᠡᠭᠲᠡᠢ ᠪᠠᠭ᠎ᠠ ᠮᠠᠰᠢᠨ ᠪᠠᠷᠢᠵᠤ ᠲᠡᠯᠡᠬᠡᠢ ᠶᠢᠨ ᠠᠷᠠᠯᠵᠢᠶ᠎ᠠ ᠬᠤᠲᠠᠯᠲᠤᠭᠠᠨ ᠤ ᠲᠦᠪ ᠤᠨ ᠬᠠᠪᠢ ᠳ᠋ᠤ ᠤᠯᠠᠨ ᠬᠦᠮᠦᠨ ᠲᠠᠭᠠᠷᠢᠵᠤ᠂ ᠲᠠᠬᠢᠨ ᠰᠤᠷᠭᠠᠭᠤᠯᠢ ᠶᠢᠨ ᠮᠠᠰᠢᠨ ᠢ ᠲᠠᠭᠠᠷᠢᠪᠠ᠃ ᠰᠤᠷᠭᠠᠭᠤᠯᠢ ᠶᠢᠨ ᠮᠠᠰᠢᠨ ᠢ ᠲᠠᠭᠠᠷᠢᠭᠰᠠᠨ ᠤ ᠲᠠᠷᠠᠭ᠎ᠠ ᠡᠨᠡ ᠵᠠᠯᠠᠭᠤ ᠬᠤᠶᠠᠷ ᠳᠠᠭᠤᠷᠢᠶᠠᠮᠠᠯ ᠫᠤᠤ ᠠᠪᠴᠤ ᠲᠡᠷᠭᠡᠨ ᠡᠴᠡ ᠪᠠᠭᠤᠬᠤ ᠳᠤ ᠨᠢ ᠴᠠᠭᠲᠠᠭ᠎ᠠ ᠳᠡᠷᠡ ᠲᠠᠷᠤᠢ ᠫᠤᠤᠲᠠᠨ ᠰᠢᠷᠬᠠᠲᠤᠭᠤᠯᠪᠠ ᠭᠡᠵᠡᠢ᠃

    ᠲᠤᠮᠲᠠᠲᠤ ᠤᠯᠤᠰ ᠡᠴᠡ ᠨᠢᠦ᠋ ᠶᠤᠷᠺ ᠲᠤ ᠰᠠᠭᠤᠭ᠎ᠠ ᠶᠡᠷᠦᠩᠬᠡᠢ ᠺᠤᠨᠰᠦ᠋ᠯ ᠤᠨ ᠭᠠᠵᠠᠷ ᠡᠴᠡ ᠬᠡᠷᠡᠭ ᠤᠨ ᠲᠠᠷᠠᠭ᠎ᠠ ᠪᠠᠴᠢᠮ ᠪᠠᠶᠢᠲᠠᠯ ᠢ ᠠᠷᠭᠠᠴᠠᠬᠤ ᠲᠦᠰᠦᠯ ᠬᠡᠷᠡᠭᠵᠢᠬᠦᠯᠵᠦ᠂ ᠲᠠᠷᠤᠢ ᠲᠦᠷᠭᠡᠨ ᠨᠢᠦ᠋ ᠶᠤᠷᠺ ᠤᠨ ᠴᠠᠭᠲᠠᠭᠠᠨ ᠤ ᠲᠤᠪᠴᠢᠶ ᠠ ᠪᠠ ᠡᠮᠨᠡᠯᠭᠡ ᠶᠢᠨ ᠬᠤᠷᠢᠶ᠎ᠠ ᠲᠠᠢ ᠬᠠᠷᠢᠯᠴᠠᠨ ᠪᠠᠶᠢᠲᠠᠯ ᠢ ᠤᠶᠢᠯᠠᠭᠠᠪᠠ᠃ ᠤᠶᠢᠯᠠᠭᠠᠭᠰᠠᠨ ᠪᠠᠶᠢᠲᠠᠯ ᠢ ᠦᠨᠳᠦᠰᠦᠯᠡᠪᠡᠯ᠂ ᠤᠲᠤᠬᠠᠨ ᠪᠤᠯᠲᠠᠯ᠎ᠠ ᠲᠤᠮᠲᠠᠲᠤ ᠤᠯᠤᠰ ᠤᠨ ᠢᠷᠭᠡᠨ ᠡᠨᠳᠡᠵᠦ ᠰᠢᠷᠬᠠᠲᠤᠭᠰᠠᠨ ᠮᠡᠲᠡᠭᠡᠯᠡᠯ ᠦᠭᠡᠢ ᠪᠠᠶᠢᠭᠰᠠᠭᠠᠷ᠃ ᠶᠡᠷᠦᠩᠬᠡᠢ ᠺᠤᠨᠰᠦ᠋ᠯ ᠤᠨ ᠬᠢᠨ ᠬᠡᠷᠡᠭ ᠤᠨ ᠲᠤᠬᠠᠢ ᠦᠷᠬᠦᠯᠵᠢᠯᠡᠨ ᠠᠩᠬᠠᠷᠬᠤ ᠪᠤᠯᠤᠨ᠎ᠠ᠃ 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121890602