蒙古文网站Logo
ᠰᠢᠨᠬᠤᠸᠠ ᠮᠤᠩᠭ᠋ᠤᠯ ᠨᠧᠲ

ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠶᠡᠬᠡ ᠬᠤᠷᠠᠯ ᠠᠮᠧᠷᠢᠺᠠ ᠶᠢ ᠱᠠᠯᠠᠪᠲᠠᠭᠤᠯᠵᠤ ᠺᠦᠪᠠ ᠶᠢ ᠪᠢᠲᠡᠬᠦᠮᠵᠢᠯᠡᠯ ᠡᠴᠡ ᠲᠠᠶᠢᠯᠬᠤ ᠰᠢᠢᠳᠪᠦᠷᠢ ᠶᠢ ᠪᠠᠲᠤᠯᠠᠪᠠ

2017-11-02 17:45

    ᠰᠢᠨᠬᠤᠧᠠ ᠬᠤᠷᠢᠶ᠎ᠠ   ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ 11 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠱᠠᠩ ᠰᠢᠦᠢ ᠴᠢᠶᠠᠨ) ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ 72 ᠳ᠋ᠤᠭᠠᠷ ᠶᠡᠬᠡ ᠬᠤᠷᠠᠯ 1 ᠤ ᠡᠲᠦᠷ ᠵᠤᠩᠬᠢᠯᠠᠬᠤ ᠤᠯᠠᠨ ᠲᠤᠭ᠎ᠠ ᠪᠡᠷ ᠰᠢᠢᠳᠪᠦᠷᠢ ᠪᠠᠲᠤᠯᠠᠵᠤ᠂ ᠠᠮᠧᠷᠢᠺᠠ ᠶᠢᠨ ᠬᠠᠭᠠᠰ ᠵᠠᠭᠤᠨ  ᠤ ᠲᠤᠷᠰᠢ ᠺᠦᠪᠡ ᠳ᠋ᠤ ᠶᠠᠪᠤᠭᠤᠯᠤᠭᠰᠠᠨ ᠡᠳ᠋ ᠤᠨ ᠵᠠᠰᠠᠭ᠂ ᠠᠷᠠᠯᠵᠢᠶ᠎ᠠ ᠬᠤᠲᠠᠯᠲᠤᠭ᠎ᠠ ᠪᠠ ᠮᠦᠩᠬᠦᠨ ᠭᠦᠢᠯᠭᠡᠭᠡᠨ ᠤ ᠪᠢᠲᠡᠬᠦᠮᠵᠢᠯᠡᠯ ᠢ ᠲᠠᠶᠢᠯᠬᠤ ᠬᠡᠷᠡᠭᠲᠡᠢ ᠭᠡᠵᠦ ᠲᠠᠬᠢᠨᠲᠠ ᠱᠠᠭᠠᠷᠲᠠᠪᠠ᠃ ᠠᠮᠧᠷᠢᠺᠠ ᠮᠦᠨ ᠨᠢᠲᠤᠨᠤᠨ ᠤ ᠬᠢ ᠲᠠᠢ ᠠᠲᠠᠯᠢ ᠪᠡᠷ ᠡᠰᠡᠷᠬᠦᠴᠡᠬᠦ ᠪᠢᠯᠧᠲ ᠦᠭ᠍ᠪᠡ᠃

    ᠰᠢᠢᠳᠪᠦᠷᠢ ᠡᠴᠡ ᠡᠮᠦᠨ᠎ᠡ ᠺᠦᠪᠠ ᠶᠢᠨ ᠭᠠᠲᠠᠭᠠᠲᠤ ᠶᠠᠪᠤᠲᠠᠯ ᠤᠨ ᠶᠠᠮᠤᠨ ᠤ ᠰᠠᠶᠢᠳ ᠠᠮᠧᠷᠢᠺᠠ ᠶᠢᠨ ᠺᠦᠪᠠ ᠳ᠋ᠤ ᠶᠠᠪᠤᠭᠤᠯᠵᠤ ᠪᠦᠬᠦᠢ ᠪᠢᠲᠡᠭᠦᠮᠵᠢᠯᠡᠯ ᠪᠤᠯ ᠺᠦᠪᠠ ᠶᠢᠨ ᠠᠷᠠᠳ ᠲᠦᠮᠡᠨ ᠤ ᠬᠦᠮᠦᠨ ᠤ ᠡᠷᠬᠡ ᠲᠠᠢ《ᠢᠯᠡ ᠪᠡᠷ᠂ ᠶᠡᠬᠡ ᠬᠡᠪᠴᠢᠶ᠎ᠠ ᠪᠡᠷ᠂ ᠰᠢᠰᠲ᠋ᠧᠮ ᠲᠠᠢ ᠪᠡᠷ》ᠬᠠᠯᠲᠠᠵᠤ ᠪᠠᠶᠢᠭ᠎ᠠ ᠶᠠᠪᠤᠲᠠᠯ ᠪᠤᠯᠤᠨ᠎ᠠ᠃ ᠡᠨᠡ ᠨᠢ ᠺᠦᠪᠡ ᠳ᠋ᠤ ᠬᠡᠮᠵᠢᠶᠡᠯᠡᠰᠢ ᠦᠭᠡᠢ ᠶᠡᠬᠡ ᠬᠤᠬᠢᠷᠠᠯ ᠠᠪᠴᠢᠷᠠᠵᠤ ᠦ᠍ᠭ᠍ᠪᠡ ᠭᠡᠵᠡᠢ᠃

    1959 ᠤᠨ ᠤ ᠺᠦᠪᠠ ᠶᠢᠨ ᠬᠤᠪᠢᠰᠬᠠᠯ ᠤᠨ ᠲᠠᠷᠠᠭ᠎ᠠ᠂ ᠠᠮᠧᠷᠢᠺᠠ ᠶᠢᠨ ᠵᠠᠰᠠᠭ ᠤᠨ ᠭᠠᠵᠠᠷ ᠺᠦᠪᠠ ᠳ᠋ᠤ ᠲᠠᠶᠢᠰᠤᠩᠨᠠᠬᠤ ᠲᠦᠷᠦ ᠶᠢᠨ ᠪᠤᠲᠤᠯᠭ᠎ᠠ ᠬᠡᠷᠡᠭᠵᠢᠬᠦᠯᠪᠡ᠃ 1961 ᠤᠨ ᠳ᠋ᠤ ᠠᠮᠧᠷᠢᠺᠠ ᠺᠦᠪᠠ ᠬᠤᠶᠠᠷ ᠤᠯᠤᠰ ᠭᠠᠲᠠᠭᠠᠲᠤ ᠬᠠᠷᠢᠯᠴᠠᠭ᠎ᠠ ᠪᠠᠨ ᠲᠠᠰᠤᠯᠠᠬᠰᠠᠨ ᠶᠤᠮ᠃ ᠲᠠᠷᠠᠭ᠎ᠠ ᠵᠢᠯ ᠨᠢ ᠠᠮᠧᠷᠢᠺᠠ ᠶᠢᠨ ᠶᠡᠷᠦᠩᠬᠡᠶᠢᠯᠡᠭᠴᠢ ᠪᠠᠶᠢᠭᠰᠠᠨ ᠺᠧᠨᠢᠳᠢ ᠺᠦᠪᠠ ᠳ᠋ᠤ ᠡᠳ᠋ ᠤᠨ ᠵᠠᠰᠠᠭ᠂ ᠮᠦᠩᠬᠦᠨ ᠭᠦᠢᠯᠭᠡᠭᠡᠨ ᠤ ᠪᠢᠲᠡᠬᠦᠮᠵᠢᠯᠡᠯ  ᠪᠠ ᠠᠷᠠᠯᠵᠢᠶ᠎ᠠ ᠬᠤᠲᠠᠯᠲᠤᠭᠠᠨ ᠤ ᠭᠦᠢᠯᠭᠡᠭᠡ ᠶᠢ ᠴᠠᠭᠠᠵᠠᠯᠠᠬᠤ ᠲᠤᠭᠲᠠᠭᠠᠯ ᠳ᠋ᠤ ᠭᠠᠷ ᠤᠨ ᠦᠰᠦᠭ ᠵᠢᠷᠤᠪᠠ᠃ ᠠᠮᠧᠷᠢᠺᠠ ᠶᠢᠨ ᠶᠡᠷᠦᠩᠬᠡᠶᠢᠯᠡᠭᠴᠢ ᠪᠠᠶᠢᠭᠰᠠᠨ ᠤᠤᠪᠠᠮᠠ ᠶᠢᠨ ᠴᠢᠷᠮᠠᠶᠢᠯᠭ᠎ᠠ ᠲᠤᠤᠷ᠎ᠠ ᠬᠤᠶᠠᠷ ᠤᠯᠤᠰ 2015 ᠤᠨ ᠤ 7 ᠰᠠᠷ᠎ᠠ ᠳᠤ ᠭᠠᠲᠠᠭᠠᠲᠤ ᠬᠠᠷᠢᠯᠴᠠᠭ᠎ᠠ ᠪᠠᠨ ᠰᠡᠷᠬᠦᠭᠡᠪᠡ᠂ ᠭᠡᠪᠡᠴᠦ ᠬᠠᠦᠯᠢ ᠶᠢᠨ ᠬᠦᠴᠦᠨ ᠤ ᠬᠢᠵᠠᠭᠠᠷᠯᠠᠯ ᠡᠴᠡ ᠰᠢᠯᠲᠠᠭᠠᠯᠠᠵᠤ ᠠᠮᠧᠷᠢᠺᠠ ᠤᠤᠪᠠᠮᠠ ᠶᠢᠨ ᠲᠤᠰᠢᠶᠠᠯ ᠤᠨ ᠬᠤᠭᠤᠴᠠᠭᠠᠨ ᠳ᠋ᠤ ᠺᠦᠪᠡ ᠳ᠋ᠡᠬᠢ ᠪᠢᠲᠡᠭᠦᠮᠵᠢᠯᠡᠯ ᠶᠢᠡᠨ ᠪᠦᠬᠦ ᠲᠠᠯ᠎ᠠ ᠪᠡᠷ ᠲᠠᠶᠢᠯᠤᠭᠰᠠᠨ ᠦᠭᠡᠢ ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121897382