蒙古文网站Logo
ᠰᠢᠨᠬᠤᠸᠠ ᠮᠤᠩᠭ᠋ᠤᠯ ᠨᠧᠲ

ᠰᠢᠷᠢᠶ᠎ᠠ ᠶᠢᠨ ᠵᠠᠰᠠᠭ ᠤᠨ ᠭᠠᠵᠠᠷ ᠤᠨ ᠴᠡᠷᠢᠭ 《ᠢᠰᠯᠠᠮ ᠤᠨ ᠤᠯᠤᠰ》 ᠤᠨ ᠰᠢᠷᠢᠶ᠎ᠠ ᠳ᠋ᠡᠬᠢ ᠬᠠᠮᠤᠭ ᠤᠨ ᠡᠴᠦᠰ ᠤᠨ ᠴᠢᠬᠤᠯᠠ ᠰᠠᠭᠤᠷᠢᠨ ᠢ ᠡᠭᠡᠭᠦᠯᠪᠡ

2017-11-09 12:19

    ᠰᠢᠨᠬᠤᠧᠠ ᠬᠤᠷᠢᠶ᠎ᠠ   ᠳ᠋ᠠᠮᠠᠰᠺ ᠤᠨ 11 ᠰᠠᠷ᠎ᠠ ᠶᠢᠨ 8 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠵᠧᠩ ᠢ ᠬᠠᠨ᠂ ᠴᠸ ᠬᠤᠩ ᠯᠢᠶᠠᠩ ) 8 ᠤ ᠡᠲᠦᠷ ᠰᠢᠷᠢᠶ᠎ᠠ ᠶᠢᠨ ᠠᠯᠪᠠᠨ ᠤ ᠲᠧᠯᠧᠶ᠋ᠰ ᠬᠤᠷᠢᠶ᠎ᠠ ᠶᠢᠨ ᠮᠡᠲᠡᠭᠡᠯᠡᠭᠰᠡᠨ ᠢ ᠦᠨᠳᠦᠰᠦᠯᠡᠪᠡᠯ᠂ ᠲᠤᠬᠠᠢ ᠶᠢᠨ ᠡᠲᠦᠷ ᠰᠢᠷᠢᠶ᠎ᠠ ᠶᠢᠨ ᠵᠠᠰᠠᠭ ᠤᠨ ᠭᠠᠵᠠᠷ ᠤᠨ ᠴᠡᠷᠢᠭ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ《ᠢᠰᠯᠠᠮ ᠤᠨ ᠤᠯᠤᠰ》 ᠤᠨ ᠰᠢᠷᠢᠶ᠎ᠠ ᠳ᠋ᠡᠬᠢ ᠬᠠᠮᠤᠭ ᠤᠨ ᠡᠴᠦᠰ ᠤᠨ ᠴᠢᠬᠤᠯᠠ ᠰᠠᠭᠤᠷᠢᠨ ᠠᠪᠦ᠋ ᠺᠸᠮᠠᠯ ᠢ ᠡᠭᠡᠬᠦᠯᠦᠭᠰᠡᠨ ᠭᠡᠵᠦ ᠤᠨᠴᠠᠯᠠᠵᠠᠢ᠃

    ᠰᠢᠷᠢᠶ᠎ᠠ ᠶᠢᠨ ᠴᠡᠷᠢᠭ ᠤᠨ ᠲᠠᠯ᠎ᠠ ᠶᠢᠨ ᠬᠢᠨ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠳ᠋ᠤ ᠬᠡᠯᠡᠬᠦ ᠳ᠋ᠡᠭᠡᠨ᠂ ᠵᠠᠰᠠᠭ ᠤᠨ ᠭᠠᠵᠠᠷ ᠤᠨ ᠴᠡᠷᠢᠭ ᠲᠤᠬᠠᠢ ᠶᠢᠨ ᠡᠲᠦᠷ  ᠡᠷᠲᠡ ᠰᠢᠭ᠌ ᠦᠶ᠎ᠠ ᠪᠡᠷ ᠠᠪᠦ᠋ ᠺᠸᠮᠠᠯ ᠬᠤᠲᠠ ᠶᠢ ᠪᠦᠰᠡᠯᠡᠵᠦ ᠡᠭᠦᠨ ᠤ ᠲᠠᠷᠠᠭ᠎ᠠ ᠪᠡᠷ ᠨᠢ《ᠢᠰᠯᠠᠮ ᠤᠨ ᠤᠯᠤᠰ》ᠲᠤ ᠵᠡᠪᠰᠡᠭᠲᠦ ᠲᠠᠭᠠᠷᠢᠯᠲᠠ ᠬᠢᠭ᠍ᠰᠡᠨ ᠭᠡᠵᠡᠢ᠃

    ᠠᠪᠦ᠋ ᠺᠸᠮᠠᠯ ᠬᠤᠲᠠ ᠨᠢ ᠰᠢᠷᠢᠶ᠎ᠠ ᠶᠢᠨ ᠵᠡᠭᠦᠨ ᠪᠦᠰᠡ ᠶᠢᠨ ᠳ᠋ᠠᠶᠢᠷ ᠽᠦᠷ ᠮᠤᠵᠢ ᠶᠢᠨ ᠵᠡᠭᠦᠨ ᠡᠮᠦᠨ᠎ᠡ ᠪᠠᠶᠢᠷᠢᠯᠠᠳᠠᠬ᠂ ᠢᠷᠠᠺ ᠤᠨ ᠬᠢᠯᠢ ᠡᠴᠡ ᠤᠶᠢᠷᠠᠬᠠᠨ᠂ 《ᠢᠰᠯᠠᠮ ᠤᠨ ᠤᠯᠤᠰ》 ᠤᠨ ᠳ᠋ᠠᠶᠢᠷ ᠽᠦᠷ ᠮᠤᠵᠢ ᠳ᠋ᠡᠬᠢ ᠴᠢᠬᠤᠯᠠ ᠰᠠᠭᠤᠷᠢᠨ ᠪᠤᠯᠤᠨ᠎ᠠ᠃ ᠲᠤᠰ ᠬᠤᠲᠠ ᠶᠢ ᠡᠭᠡᠬᠦᠯᠵᠦ ᠠᠪᠤᠭᠰᠠᠨ ᠤ ᠲᠠᠷᠠᠭ᠎ᠠ ᠂《ᠢᠰᠯᠠᠮ ᠤᠨ ᠤᠯᠤᠰ》 ᠤᠨ ᠰᠢᠷᠢᠶ᠎ᠠ ᠶᠢᠨ ᠬᠢᠯᠢ ᠳ᠋ᠤ ᠴᠦᠬᠡᠬᠡᠨ ᠰᠠᠭᠤᠷᠢᠨ ᠯᠡ ᠦᠯᠡᠲᠡᠬᠦ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121929629