蒙古文网站Logo
ᠰᠢᠨᠬᠤᠸᠠ ᠮᠤᠩᠭ᠋ᠤᠯ ᠨᠧᠲ

ᠲᠤᠭᠤᠰᠤᠨᠴᠢᠷ ᠮᠠᠨᠠᠨ ᠡᠴᠡ ᠪᠤᠯᠵᠤ ᠡᠨᠡᠳᠭᠡᠭ᠌ ᠤᠨ ᠨᠡᠶᠢᠰᠯᠡᠯ ᠲᠡᠷᠭᠡ ᠤᠨᠤᠭ᠎ᠠ ᠶᠢ ᠬᠢᠵᠠᠭᠠᠷᠯᠠᠬᠤ ᠠᠷᠭ᠎ᠠ ᠬᠡᠮᠵᠢᠶ᠎ᠠ ᠠᠪᠬᠤ ᠪᠡᠷ ᠪᠠᠶᠢᠨ᠎ᠠ

2017-11-10 18:37

    ᠰᠢᠨᠬᠤᠧᠠ ᠬᠤᠷᠢᠶ᠎ᠠ   ᠰᠢᠨ᠎ᠡ ᠳ᠋ᠧᠯᠢ ᠶᠢᠨ 11 ᠰᠠᠷ᠎ᠠ ᠶᠢᠨ 10 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠤ ᠰᠢᠶᠤᠤ ᠮᠢᠩ ) ᠬᠡᠲᠦᠨ ᠡᠲᠦᠷ ᠦᠷᠬᠦᠯᠵᠢᠯᠡᠭᠰᠡᠨ ᠲᠤᠭᠤᠰᠤᠨᠴᠢᠷ ᠮᠠᠨᠠᠨ ᠤ ᠨᠦᠯᠦᠭᠡ ᠡᠴᠡ ᠪᠤᠯᠵᠤ ᠡᠨᠡᠳᠭᠡᠭ᠌ ᠤᠨ ᠨᠡᠶᠢᠰᠯᠡᠯ ᠰᠢᠨ᠎ᠡ ᠳ᠋ᠧᠯᠢ ᠢᠷᠡᠬᠦ ᠭᠠᠷᠠᠭ ᠤᠨ ᠨᠢᠭᠡᠨ ᠡᠴᠡ ᠭᠠᠷᠠᠭ ᠤᠨ ᠲᠠᠪᠤᠨ ᠤ ᠬᠤᠭᠤᠷᠤᠨᠲᠤ ᠲᠡᠷᠭᠡ ᠤᠨᠤᠭ᠎ᠠ ᠶᠢ ᠲᠡᠭᠰᠢ ᠰᠤᠨᠲᠤᠭᠤᠢ ᠲᠤᠭ᠎ᠠ ᠬᠤᠪᠢᠶᠠᠨ ᠵᠠᠮ ᠳᠤ ᠭᠠᠷᠭᠠᠬᠤ ᠠᠷᠭ᠎ᠠ ᠬᠡᠮᠵᠢᠶ ᠠ ᠠᠪᠬᠤ ᠪᠡᠷ ᠪᠠᠶᠢᠨ᠎ᠠ᠃

    《ᠡᠨᠡᠳᠭᠡᠭ᠌ ᠴᠠᠭ ᠰᠤᠨᠢᠨ》 ᠤ 10 ᠤ ᠡᠲᠦᠷ  ᠮᠡᠲᠡᠭᠡᠯᠡᠭᠰᠡᠨ ᠢ ᠦᠨᠳᠦᠰᠦᠯᠡᠪᠡᠯ᠂ ᠨᠡᠶᠢᠰᠯᠡᠯ ᠤᠨ ᠤᠷᠤᠨ ᠪᠦᠰᠡ ᠳ᠋ᠤ 13 ᠤ ᠡᠲᠦᠷ ᠡᠴᠡ 17 ᠤ ᠡᠲᠦᠷ ᠤᠨ ᠡᠷᠲᠡ ᠶᠢᠨ 8᠄ 00 ᠴᠠᠭ ᠡᠴᠡ ᠤᠷᠤᠢ ᠶᠢᠨ 8᠄ 00 ᠴᠠᠭ ᠤᠨ ᠬᠤᠭᠤᠷᠤᠨᠲᠤ ᠲᠡᠷᠭᠡ ᠤᠨᠤᠭ᠎ᠠ ᠶᠢ ᠲᠡᠭᠰᠢ ᠰᠤᠨᠲᠤᠭᠤᠢ ᠲᠤᠭ᠎ᠠ ᠬᠤᠪᠢᠶᠠᠨ ᠨᠡᠪᠲᠡᠷᠡᠬᠦᠯᠬᠦ ᠪᠡᠷ ᠪᠠᠶᠢᠨ᠎ᠠ᠃ ᠮᠦᠨ ᠲᠤᠬᠠᠢ ᠶᠢᠨ ᠦᠶ᠎ᠠ ᠳ᠋ᠤ 3500 ᠵᠠᠮ ᠤᠨ ᠴᠠᠭᠲᠠᠭ᠎ᠠ ᠠᠵᠢᠯᠯᠠᠵᠤ 5000 ᠰᠠᠶᠢᠨ ᠲᠤᠷᠠᠲᠠᠳ ᠦᠢᠯᠡᠴᠢᠯᠡᠬᠦ ᠪᠤᠯᠤᠨ᠎ᠠ᠃ ᠬᠢᠵᠠᠭᠠᠷᠯᠠᠬᠤ ᠠᠷᠭ᠎ᠠ ᠬᠡᠮᠵᠢᠶ᠎ᠠ ᠠᠪᠴᠤ ᠪᠠᠶᠢᠭ᠎ᠠ ᠦᠶ᠎ᠠ ᠳ᠋ᠤ ᠲᠦᠷᠢᠮ ᠵᠦᠷᠢᠴᠡᠪᠡᠯ 2000 ᠷᠦᠪᠯᠢ ( ᠠᠷᠠᠳ ᠤᠨ ᠵᠤᠭᠤᠰ ᠶᠢᠡᠷ ᠪᠠᠷᠤᠭ 203 ᠲᠦᠭᠦᠷᠢᠭ᠌) ᠶ᠋ᠢᠨᠷ ᠳᠤᠷᠭᠤᠭᠠᠨ᠎ᠠ᠃

    7 ᠤ ᠤᠷᠤᠢ ᠡᠴᠡ ᠡᠬᠢᠯᠡᠨ ᠰᠢᠨ᠎ᠡ ᠳ᠋ᠧᠯᠢ ᠬᠡᠲᠦᠨ ᠡᠳᠦᠷ ᠲᠤᠭᠤᠰᠤᠨᠴᠢᠷ ᠮᠠᠨᠠᠨ ᠳ᠋ᠤ ᠪᠦᠷᠬᠦᠭ᠍ᠲᠡᠨ᠂ ᠠᠭᠠᠷ ᠶᠡᠬᠡ ᠪᠡᠷ ᠪᠤᠬᠢᠷᠲᠤᠵᠤ᠂ ᠦᠵᠡᠭᠲᠡᠴᠡ  15 ᠮᠧᠲ᠋ᠷ ᠴᠤ ᠬᠦᠷᠬᠦ ᠦᠭᠡᠢ ᠪᠤᠯᠤᠭᠰᠠᠨ ᠶᠢᠡᠷ ᠨᠢᠰᠬᠦ ᠤᠩᠭ᠋ᠤᠴᠠ᠂ ᠭᠠᠯᠲᠤ ᠲᠡᠷᠭᠡ ᠠᠶᠠᠯᠠᠯ  ᠶᠢᠡᠨ ᠬᠤᠶᠢᠰᠢᠯᠠᠭᠤᠯᠵᠤ᠂ ᠰᠤᠷᠭᠠᠭᠤᠯᠢ ᠠᠷᠭ᠎ᠠ ᠪᠤᠰᠤ ᠬᠢᠴᠢᠶᠠᠯ ᠵᠤᠭᠰᠤᠪᠠ᠃

    ᠡᠨᠡᠳᠭᠡᠭ᠌ ᠤᠨ ᠡᠮᠴᠢᠯᠡᠭᠡᠨ ᠤ ᠨᠡᠶᠢᠭᠡᠮᠯᠢᠭ᠌ ᠡᠴᠡ ᠨᠡᠶᠢᠰᠯᠡᠯ ᠤᠨ ᠤᠷᠤᠨ ᠪᠦᠰᠡ ᠶᠢᠨ ᠤᠯᠠᠨ ᠨᠡᠶᠢᠲᠡ ᠶᠢᠨ ᠡᠷᠡᠬᠦᠯ ᠮᠡᠨᠲᠦ ᠪᠠᠴᠢᠮ ᠪᠠᠶᠢᠲᠠᠯ ᠳ᠋ᠤ ᠤᠷᠤᠯ᠎ᠠ ᠭᠡᠵᠤ ᠵᠠᠷᠯᠠᠵᠠᠢ᠃ ᠡᠨᠡᠳᠭᠡᠭ᠌ ᠤᠨ ᠡᠮᠴᠢᠯᠡᠭᠡᠨ ᠤ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠲᠡᠭᠡᠳᠦ ᠰᠤᠷᠭᠠᠭᠤᠯᠢ ᠶᠢᠨ 9 ᠤ ᠡᠲᠦᠷ ᠨᠡᠶᠢᠲᠡᠯᠡᠭᠰᠡᠨ ᠮᠡᠲᠡᠬᠦᠯᠦᠯᠲᠡ ᠳ᠋ᠤ ᠦᠵᠡᠬᠦᠯᠦᠭᠰᠡᠨ ᠶᠢᠡᠷ᠂ ᠨᠡᠶᠢᠰᠯᠡᠯ ᠤᠨ ᠤᠷᠤᠨ ᠪᠦᠰᠡ ᠶᠢᠨ ᠡᠮᠨᠡᠯᠭᠡ ᠠᠮᠢᠰᠬᠤᠯ ᠤᠨ ᠵᠠᠮ ᠤᠨ ᠡᠪᠡᠳᠴᠢᠲᠠᠨ ᠢ ᠬᠦᠯᠢᠶᠠᠨ ᠠᠪᠤᠭᠰᠠᠨ ᠬᠡᠮᠵᠢᠶ᠎ᠠ 15% ᠡᠴᠡ 20% ᠪᠤᠯᠤᠭᠰᠠᠨ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121937356