蒙古文网站Logo
ᠰᠢᠨᠬᠤᠸᠠ ᠮᠤᠩᠭ᠋ᠤᠯ ᠨᠧᠲ

ᠠᠮᠧᠷᠢᠺᠠ ᠤᠷᠤᠰ ᠤᠨ ᠶᠡᠷᠦᠩᠬᠡᠶᠢᠯᠡᠭᠴᠢ ᠤᠯᠤᠰ ᠲᠦᠷᠦ ᠶᠢᠨ ᠠᠷᠭ᠎ᠠ ᠪᠡᠷ ᠰᠢᠷᠢᠶ᠎ᠠ ᠶᠢᠨ ᠮᠦᠷᠬᠦᠯᠲᠦᠭᠡᠨ ᠢ ᠰᠢᠢᠳᠪᠦᠷᠢᠯᠡᠨ᠎ᠡ

2017-11-13 13:57

    ᠰᠢᠨᠬᠤᠧᠠ ᠬᠤᠷᠢᠶ᠎ᠠ   ᠸᠠᠰᠢᠩᠲ᠋ᠤᠨ ᠤ 11 ᠰᠠᠷ᠎ᠠ ᠶᠢᠨ 11 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠦ ᠳ᠋ᠦᠩ ᠶᠠᠩ ) 11 ᠤ ᠡᠲᠦᠷ ᠠᠮᠧᠷᠢᠺᠠ ᠶᠢᠨ ᠶᠠᠷᠦᠩᠬᠡᠶᠢᠯᠡᠭᠴᠢ ᠲᠷᠠᠮᠫ ᠪᠤᠯᠤᠨ ᠤᠷᠤᠰ ᠤᠨ ᠶᠡᠷᠦᠩᠬᠡᠶᠢᠯᠡᠭᠴᠢ ᠫᠦᠲ᠋ᠢᠨ ᠸᠢᠶᠸᠲ᠋ᠨᠠᠮ ᠤᠨ ᠳ᠋ᠠ ᠨᠧᠩ ᠳ᠋ᠤ ᠠᠽᠢᠶ᠎ᠠ ᠨᠤᠮᠤᠬᠠᠨ ᠲᠠᠯᠠᠢ ᠶᠢᠨ ᠤᠷᠤᠨ ᠤ ᠡᠳ᠋ ᠤᠨ ᠵᠠᠰᠠᠭ ᠤᠨ ᠬᠠᠮᠳᠤ ᠶᠢᠨ ᠠᠵᠢᠯᠯᠠᠭᠠᠨ ᠤ ᠵᠤᠬᠢᠶᠠᠨ ᠪᠠᠶᠢᠭᠤᠯᠤᠯᠲᠠ ᠶᠢᠨ ᠤᠲᠤᠷᠢᠳᠬᠤ ᠬᠦᠮᠦᠰ ᠤᠨ ᠠᠯᠪᠠᠨ ᠤ ᠪᠤᠰᠤ ᠬᠤᠷᠠᠯ ᠤᠨ ᠬᠤᠭᠤᠴᠠᠭᠠᠨ ᠳ᠋ᠤ ᠠᠭᠤᠯᠵᠠᠯᠲᠠ ᠬᠢᠬᠦ ᠦᠶ᠎ᠠ ᠪᠡᠷ ᠬᠤᠶᠠᠷ ᠲᠠᠯ᠎ᠠ ᠪᠡᠷ ᠶᠢᠡᠨ ᠤᠯᠤᠰ ᠲᠦᠷᠦ ᠶᠢᠨ ᠠᠷᠭ᠎ᠠ ᠪᠡᠷ ᠰᠢᠷᠢᠶ᠎ᠠ ᠶᠢᠨ ᠮᠦᠷᠬᠦᠯᠲᠦᠭᠡᠨ ᠢ ᠰᠢᠢᠳᠪᠦᠷᠢᠯᠡᠡ᠎ᠠ ᠭᠡᠵᠦ ᠴᠢᠬᠤᠯᠠᠴᠢᠯᠠᠪᠠ᠃

    ᠠᠮᠧᠷᠢᠺᠠ ᠶᠢᠨ ᠲᠦᠷᠦ ᠶᠢᠨ ᠶᠠᠪᠤᠲᠠᠯ ᠤᠨ ᠬᠤᠷᠢᠶ᠎ᠠ ᠡᠴᠡ ᠬᠤᠶᠠᠷ ᠲᠠᠯ᠎ᠠ ᠶᠢᠨ ᠢᠯᠡᠷᠬᠡᠶᠢᠯᠡᠭᠰᠡᠨ ᠨᠢᠭᠡᠲᠦᠭᠰᠡᠨ ᠢᠯᠡᠷᠬᠡᠶᠢᠯᠡᠯᠲᠡ ᠶᠢ ᠨᠡᠶᠢᠲᠡᠯᠡᠵᠡᠢ᠃ ᠨᠢᠭᠡᠲᠦᠭᠰᠡᠨ ᠢᠯᠡᠷᠬᠡᠶᠢᠯᠡᠯᠲᠡ ᠳ᠋ᠤ᠂ ᠬᠤᠶᠠᠷ ᠲᠠᠯ᠎ᠠ ᠪᠡᠷ ᠶᠢᠡᠨ ᠰᠠᠨᠠᠯ ᠶᠢᠡᠨ ᠨᠢᠭᠡᠳᠭᠡᠵᠦ ᠰᠢᠷᠢᠶ᠎ᠠ ᠶᠢᠨ ᠮᠦᠷᠬᠦᠯᠲᠦᠭᠡᠨ ᠢ ᠴᠡᠷᠢᠭ ᠤᠨ ᠶᠠᠪᠤᠲᠠᠯ ᠶᠢᠡᠷ ᠰᠢᠢᠳᠪᠦᠷᠢᠯᠡᠬᠦ ᠪᠢᠰᠢ᠂ ᠬᠠᠷᠢᠨ ᠵᠠᠪᠠᠯ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠠᠶᠤᠯᠬᠦᠢ ᠶᠢᠨ ᠵᠦᠪᠯᠡᠯ ᠤᠨ 2254 ᠲᠤᠭᠠᠲᠤ ᠰᠢᠢᠳᠪᠦᠷᠢ ᠶᠢᠨ ᠲᠠᠭᠠᠤ ᠵᠸᠨ᠋ᠸᠸᠠ ᠶᠢᠨ ᠬᠦᠲᠦᠯᠪᠦᠷᠢ ᠶᠢᠨ ᠠᠬᠢᠴᠠ ᠳ᠋ᠤ《ᠬᠠᠮᠤᠭ ᠤᠨ ᠰᠡᠬᠦᠯᠴᠢ ᠶᠢᠨ ᠤᠯᠤᠰ ᠲᠦᠷᠦ ᠶᠢᠨ ᠰᠢᠢᠳᠪᠦᠷᠢᠯᠡᠬᠦ ᠲᠦᠰᠦᠯ》 ᠢ ᠲᠤᠭᠲᠠᠭᠠᠬᠤ ᠬᠡᠷᠡᠭᠲᠡᠢ᠃ ᠲᠷᠠᠮᠫ ᠪᠠ ᠫᠦᠲ᠋ᠢᠨ ᠰᠢᠷᠢᠶ᠎ᠠ ᠶᠢᠨ ᠡᠯ᠎ᠡ ᠲᠠᠯ ᠠ ᠨᠤᠭᠤᠳ ᠢ ᠵᠸᠨ᠋ᠸᠸᠠ ᠶᠢᠨ ᠠᠬᠢᠴᠠ ᠳ᠋ᠤ ᠢᠲᠡᠪᠬᠢᠲᠡᠢ ᠤᠷᠤᠯᠴᠠᠬᠤ ᠶᠢ ᠤᠷᠢᠶᠠᠯᠠᠪᠠ᠃

    ᠬᠤᠶᠠᠷ ᠲᠠᠯ᠎ᠠ ᠪᠡᠷ ᠶᠢᠡᠨ ᠠᠮᠧᠷᠢᠺᠠ ᠤᠷᠤᠰ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ《ᠢᠰᠯᠠᠮ ᠤᠨ ᠤᠯᠤᠰ》  ᠲᠤ ᠴᠤᠬᠢᠯᠲᠠ ᠦᠭ᠍ᠬᠦ ᠴᠡᠷᠢᠭ ᠤᠨ ᠶᠠᠪᠤᠲᠠᠯ ᠤᠨ ᠲᠠᠯ᠎ᠠ ᠪᠡᠷ ᠵᠠᠪᠠᠯ ᠬᠡᠯᠡᠯᠴᠡᠨ ᠨᠡᠪᠲᠡᠷᠡᠵᠦ᠂ ᠰᠢᠷᠢᠶ᠎ᠠ ᠳ᠋ᠤ ᠡᠭᠦᠷᠭᠡ ᠭᠦᠢᠴᠡᠳᠭᠡᠵᠦ ᠪᠠᠶᠢᠭ᠎ᠠ ᠤᠷᠤᠰ ᠪᠠ ᠠᠮᠧᠷᠢᠺᠠ ᠴᠡᠷᠢᠭ ᠤᠨ ᠠᠶᠤᠯᠬᠦᠢ ᠶᠢ ᠪᠠᠲᠤᠯᠠᠬᠤ ᠶᠢᠨ ᠬᠠᠮᠲᠤ ᠬᠤᠶᠠᠷ ᠲᠠᠯ᠎ᠠ ᠶᠢᠨ ᠬᠠᠨᠢᠲᠠᠳ ᠤᠨ ᠶᠢᠡᠨ ᠵᠡᠪᠰᠡᠭᠲᠦ ᠮᠦᠷᠬᠦᠯᠲᠦᠭᠡᠨ ᠡᠭᠦᠰᠬᠦ ᠪᠤᠯᠤᠯᠴᠠᠭ᠎ᠠ ᠶᠢ ᠪᠠᠭᠠᠰᠬᠠᠬᠤ ᠬᠡᠷᠡᠭᠲᠡᠢ᠃

    ᠡᠭᠦᠨ ᠡᠴᠡ ᠭᠠᠲᠠᠨ᠎ᠠ ᠬᠤᠶᠠᠷ ᠲᠠᠯ᠎ᠠ ᠪᠡᠷ ᠶᠢᠡᠨ ᠰᠢᠷᠢᠶ᠎ᠠ ᠳ᠋ᠤ《ᠮᠦᠷᠭᠦᠯᠲᠦᠭᠡᠨ ᠢ ᠪᠠᠭᠠᠰᠬᠠᠬᠤ ᠪᠦᠰᠡ》ᠬᠡᠷᠡᠭᠵᠢᠬᠦᠯᠵᠦ ᠪᠠᠶᠢᠭ᠎ᠠ ᠦᠷ᠎ᠡ ᠪᠦᠲᠦᠮᠵᠢ ᠳ᠋ᠤ ᠬᠠᠨᠤᠮᠵᠢᠲᠠᠢ ᠪᠠᠶᠢᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121946870