蒙古文网站Logo
ᠰᠢᠨᠬᠤᠸᠠ ᠮᠤᠩᠭ᠋ᠤᠯ ᠨᠧᠲ

ᠺᠠᠲ᠋ᠠᠷ᠄ ᠬᠠᠷᠢᠯᠴᠠᠭ᠎ᠠ ᠪᠠᠨ ᠲᠠᠰᠤᠯᠤᠭᠰᠠᠨ ᠤᠯᠤᠰ ᠡᠳ᠋ ᠤᠨ ᠵᠠᠰᠠᠭ ᠢ ᠬᠤᠬᠢᠷᠠᠭᠤᠯᠬᠤ ᠶᠢ ᠰᠢᠬᠦᠮᠵᠢᠯᠡᠨ᠎ᠡ

2017-11-16 14:12

    ᠰᠢᠨᠬᠤᠧᠠ ᠬᠤᠷᠢᠶ᠎ᠠ   ᠳ᠋ᠤᠬ᠎ᠠ ᠶᠢᠨ 11 ᠰᠠᠷ᠎ᠠ ᠶᠢᠨ 14 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠶᠠᠩ ᠶᠤᠧᠠᠨ ᠶᠦᠩ ) 14 ᠤ ᠡᠲᠦᠷ ᠺᠠᠲ᠋ᠠᠷ ᠤᠨ ᠤᠯᠤᠰ ᠤᠨ ᠲᠡᠷᠢᠬᠦᠨ ᠬᠠᠷᠢᠯᠴᠠᠭ᠎ᠠ ᠪᠠᠨ ᠲᠠᠰᠤᠯᠤᠭᠰᠠᠨ ᠤᠯᠤᠰ ᠤᠳ ᠺᠠᠲ᠋ᠠᠷ ᠤᠨ ᠡᠳ᠋ ᠤᠨ ᠵᠠᠰᠠᠭ ᠢ ᠬᠤᠬᠢᠷᠠᠭᠤᠯᠬᠤ ᠪᠡᠷ ᠬᠤᠤᠪᠢᠯᠲᠤᠵᠤ ᠪᠠᠶᠢᠭ᠎ᠠ ᠶᠢ ᠰᠢᠬᠦᠮᠵᠢᠯᠡᠪᠡ᠃

    ᠲᠤᠬᠠᠢ ᠶᠢᠨ ᠡᠲᠦᠷ ᠺᠠᠲ᠋ᠠᠷ ᠤᠨ ᠤᠯᠤᠰ ᠤᠨ ᠲᠡᠷᠢᠬᠦᠨ ᠢᠯᠡᠷᠬᠡᠶᠢᠯᠡᠯᠲᠡ ᠨᠡᠶᠢᠲᠡᠯᠡᠵᠦ᠂ ᠬᠠᠷᠢᠯᠴᠠᠭ᠎ᠠ ᠪᠠᠨ ᠲᠠᠰᠤᠯᠤᠭᠰᠠᠨ ᠠᠵᠢᠯᠯᠠᠭ᠎ᠠ ᠡᠴᠡ ᠰᠦᠷᠲᠡᠬᠦ ᠦᠭᠡᠢ᠂ ᠤᠲᠤᠬᠠᠨ ᠳ᠋ᠤ ᠬᠡᠯᠡᠯᠴᠡᠭᠡ ᠬᠢᠬᠦ ᠪᠡᠷ ᠲᠠᠮᠵᠢᠨ ᠬᠢᠮᠤᠷᠠᠯ ᠢ ᠰᠢᠢᠳᠪᠦᠷᠢᠯᠡᠬᠦ ᠪᠡᠷ ᠪᠡᠯᠡᠳᠭᠡᠵᠦ ᠪᠠᠶᠢᠨ᠎ᠠ ᠭᠡᠵᠡᠢ᠃ ᠲᠡᠷᠡᠪᠡᠷ ᠮᠦᠨ ᠬᠡᠯᠡᠬᠦ ᠳ᠋ᠡᠭᠡᠨ᠂ ᠰᠠᠦ᠋ᠳᠢ ᠠᠷᠠᠪ᠂ ᠠᠷᠠᠪ ᠤᠨ ᠬᠤᠯᠪᠤᠭᠠᠲᠤ ᠠᠬᠠᠮᠠᠳᠲᠤ ᠤᠯᠤᠰ᠂ ᠪᠠᠷᠸᠶᠢᠨ᠂ ᠶᠧᠵᠢᠫᠲ ᠵᠡᠷᠭᠡ ᠲᠦᠷᠪᠡᠨ ᠤᠯᠤᠰ ᠴᠤᠤᠷᠬᠠᠯ ᠲᠠᠷᠬᠠᠭᠠᠵᠤ ᠺᠠᠲ᠋ᠠᠷ ᠲᠤ ᠵᠤᠬᠢᠶᠠᠨ ᠪᠠᠶᠢᠭᠤᠯᠤᠭᠲᠠᠬᠤ ᠪᠡᠷ ᠪᠠᠶᠢᠭᠰᠠᠨ 2022 ᠤᠨ ᠤ ᠲᠡᠯᠡᠬᠡᠢ ᠶᠢᠨ ᠴᠤᠮᠤ ᠶᠢ ᠬᠤᠷᠢᠭᠯᠠᠬᠤ ᠵᠤᠷᠢᠯᠲᠠ ᠳ᠋ᠠᠭᠠᠨ ᠬᠦᠷᠬᠦ ᠭᠡᠰᠡᠨ ᠶᠤᠮ ᠭᠡᠵᠡᠢ᠃

    ᠺᠠᠲ᠋ᠠᠷ ᠤᠨ ᠤᠯᠤᠰ ᠤᠨ ᠲᠡᠷᠢᠬᠦᠨ ᠬᠡᠯᠡᠬᠦ ᠳ᠋ᠡᠭᠡᠨ᠂ ᠺᠠᠲ᠋ᠠᠷ ᠪᠠᠴᠢᠮ ᠪᠠᠶᠢᠲᠠᠯ ᠢ ᠠᠷᠭᠠᠴᠠᠬᠤ ᠪᠡᠷ ᠬᠦᠷᠦᠩᠭᠡ ᠤᠷᠤᠭᠤᠯᠤᠯᠲᠠ ᠶᠢᠨ ᠤᠷᠴᠢᠨ ᠢ ᠰᠠᠶᠢᠵᠢᠷᠠᠭᠤᠯᠬᠤ᠂ ᠠᠵᠤ ᠦᠢᠯᠡᠳᠪᠦᠷᠢ ᠶᠢ ᠬᠦᠭ᠍ᠵᠢᠬᠦᠯᠬᠦ᠂ ᠲᠡᠳ᠋ ᠪᠦᠲᠦᠴᠡ ᠶᠢᠨ ᠪᠦᠲᠦᠭᠡᠨ ᠪᠠᠶᠢᠭᠤᠯᠤᠯᠲᠠ ᠶᠢ ᠴᠢᠩᠭ᠋ᠠᠳᠬᠠᠬᠤ᠂ ᠬᠤᠪᠢ ᠶᠢᠨ ᠦᠮᠴᠢᠯᠡᠯ ᠤᠨ ᠡᠳ᠋ ᠤᠨ ᠵᠠᠰᠠᠭ ᠢ ᠬᠦᠭ᠍ᠵᠢᠬᠦᠯᠬᠦ᠂ ᠠᠶᠠᠯᠠᠯ ᠵᠢᠭᠤᠯᠴᠢᠯᠠᠯ ᠤᠨ ᠪᠠᠶᠢᠯᠲᠤᠬᠤ ᠪᠤᠲᠤᠯᠭ᠎ᠠ ᠬᠡᠷᠡᠭᠵᠢᠬᠦᠯᠬᠦ ᠵᠡᠷᠭᠡ ᠠᠷᠭ᠎ᠠ ᠬᠡᠮᠵᠢᠶ᠎ᠠ ᠠᠪᠬᠤ ᠪᠡᠷ ᠪᠠᠶᠢᠨ᠎ᠠ ᠭᠡᠯ᠎ᠡ᠃

    ᠡᠨᠡ ᠤᠨ ᠤ 6 ᠰᠠᠷ᠎ᠠ ᠶᠢᠨ 5 ᠤ ᠡᠲᠦᠷ᠂ ᠰᠠᠦ᠋ᠳᠢ ᠠᠷᠠᠪ ᠵᠡᠷᠭᠡ ᠲᠦᠷᠪᠡᠨ ᠤᠯᠤᠰ ᠺᠠᠲ᠋ᠠᠷ ᠢ ᠰᠦᠷᠲᠡᠬᠦᠯᠬᠦ ᠦᠵᠡᠯ ᠢ ᠲᠡᠮᠵᠢᠭᠰᠡᠨ ᠶᠢᠡᠷ ᠪᠠᠷᠠᠬᠤ ᠦᠭᠡᠢ ᠤᠷᠤᠨ ᠪᠦᠰᠡ ᠶᠢᠨ ᠠᠶᠤᠯᠬᠦᠢ ᠶᠢ ᠬᠤᠬᠢᠷᠠᠭᠤᠯᠵᠤ ᠪᠠᠶᠢᠬᠤ ᠪᠡᠷ ᠰᠢᠯᠲᠠᠯᠠᠨ ᠺᠠᠲ᠋ᠠᠷ ᠲᠠᠢ ᠬᠠᠷᠢᠯᠴᠠᠭ᠎ᠠ ᠪᠠᠨ ᠲᠠᠰᠤᠯᠬᠤ ᠶᠢᠨ ᠲᠠᠭᠠᠤ ᠲᠡᠭᠡᠭᠡᠪᠦᠷᠢ ᠶᠢᠨ ᠪᠢᠲᠡᠭᠦᠮᠵᠢᠯᠡᠯ ᠶᠠᠪᠤᠭᠤᠯᠪᠠ᠃ 6 ᠰᠠᠷ᠎ᠠ ᠶᠢᠨ 23 ᠤ ᠡᠲᠦᠷ᠂ ᠰᠠᠦ᠋ᠳᠢ ᠠᠷᠠᠪ ᠵᠡᠷᠭᠡ ᠲᠦᠷᠪᠡᠨ ᠤᠯᠤᠰ ᠡᠴᠡ ᠺᠠᠲ᠋ᠠᠷ ᠲᠤ ᠬᠢᠮᠤᠷᠠᠯ ᠢ ᠰᠢᠢᠳᠪᠦᠷᠢᠯᠡᠬᠦ 13 ᠵᠤᠷᠪᠤᠰ ᠱᠠᠭᠠᠷᠲᠠᠯᠭ᠎ᠠ ᠲᠤᠷᠠᠳᠤᠬᠰᠠᠨ᠂ ᠭᠡᠪᠡᠴᠦ ᠺᠠᠲ᠋ᠠᠷ ᠤᠲᠤᠬᠠᠨ ᠪᠤᠯᠲᠠᠯ᠎ᠠ ᠬᠠᠨᠤᠮᠵᠢᠲᠠᠢ ᠬᠠᠷᠢᠭᠤᠯᠲᠠ ᠦᠭ᠍ᠬᠦᠭ᠍ᠰᠡᠨ ᠦᠭᠡᠢ ᠪᠤᠯᠬᠤᠷ ᠦᠷᠬᠦᠯᠵᠢᠯᠡᠨ ᠵᠠᠯᠬᠠᠭᠠᠯ ᠶᠠᠪᠤᠭᠤᠯᠬᠤ ᠪᠤᠯᠤᠨ᠎ᠠ ᠭᠡᠵᠤ ᠲᠦᠷᠪᠡᠨ ᠤᠯᠤᠰ ᠢᠯᠡᠷᠬᠡᠶᠢᠯᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121961573