蒙古文网站Logo
ᠰᠢᠨᠬᠤᠸᠠ ᠮᠤᠩᠭ᠋ᠤᠯ ᠨᠧᠲ

ᠢᠷᠠᠨ ᠢᠷᠠᠺ ᠤᠨ ᠭᠠᠵᠠᠷ ᠬᠦᠲᠡᠯᠦᠯᠲᠡ ᠳ᠋ᠤ ᠢᠷᠠᠨ ᠤ 474 ᠬᠦᠮᠦᠨ ᠠᠮᠢ ᠪᠠᠨ ᠠᠯᠲᠠᠪᠠ

2017-11-16 14:18

    ᠰᠢᠨᠬᠤᠧᠠ ᠬᠤᠷᠢᠶ᠎ᠠ   ᠲᠧᠾᠷᠠᠨ ᠤ 11 ᠰᠠᠷ᠎᠎ᠠ ᠶᠢᠨ 15 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠮᠦ ᠳ᠋ᠦᠩ ) ᠢᠷᠠᠨ ᠤ ᠬᠡᠪᠯᠡᠯ ᠮᠡᠲᠡᠭᠡᠯᠡᠯ ᠤᠨ 15 ᠤ ᠡᠲᠦᠷ ᠮᠡᠲᠡᠭᠡᠯᠡᠭᠰᠡᠨ ᠶᠢᠡᠷ᠂ 12 ᠤᠨ ᠤᠷᠤᠢ ᠢᠷᠠᠨ ᠢᠷᠠᠺ ᠤᠨ ᠬᠢᠯᠢ ᠶᠢᠨ ᠵᠠᠭᠠᠭ ᠲᠤ ᠬᠦᠴᠦᠲᠡᠢ ᠭᠠᠵᠠᠷ ᠬᠦᠲᠡᠯᠵᠦ ᠢᠷᠠᠨ ᠤ ᠬᠦᠲᠡᠯᠦᠯᠲᠡ ᠶᠢᠨ ᠪᠦᠰᠡ ᠳ᠋ᠤ 474 ᠬᠦᠮᠦᠨ ᠠᠮᠢ ᠪᠠᠨ ᠠᠯᠲᠠᠵᠤ᠂ 9388 ᠬᠦᠮᠦᠨ ᠰᠢᠷᠬᠠᠲᠤᠪᠠ ᠭᠡᠵᠡᠢ᠃

    12 ᠤᠨ ᠡᠲᠦᠷ ᠡᠴᠡ ᠨᠠᠰᠢ ᠲᠠᠬᠢᠨ ᠬᠦᠲᠡᠯᠦᠯᠲᠡ ᠲᠠᠪᠬᠤᠷᠲᠠᠭᠰᠠᠨ ᠲᠤᠭ᠎ᠠ ᠪᠡᠷ 280 ᠤᠲᠠᠭ᠎ᠠ ᠡᠭᠦᠰᠴᠤ᠂ ᠭᠠᠵᠠᠷ ᠬᠦᠲᠡᠯᠦᠯᠲᠡ ᠶᠢᠨ ᠲᠡᠰ 4.5 ᠡᠴᠡ 6.1 ᠬᠦᠷᠴᠦ ᠪᠠᠶᠢᠪᠠ᠃

    ᠭᠠᠵᠠᠷ ᠬᠦᠲᠡᠯᠦᠯᠲᠡ ᠶᠢᠨ ᠪᠦᠰᠡ ᠶᠢᠨ ᠠᠭᠠᠷ ᠤᠨ ᠲᠤᠯᠠᠭᠠᠨ ᠲᠤᠤᠷ᠎ᠠ ᠪᠤᠯᠬᠤᠷ ᠭᠠᠮᠰᠢᠭᠲᠠᠭᠰᠠᠨ ᠢᠷᠭᠡᠳ ᠮᠠᠶᠢᠬᠠᠨ ᠪᠤᠰᠬᠠᠬᠤ ᠵᠡᠷᠭᠡ ᠠᠷᠭ᠎ᠠ ᠬᠡᠮᠵᠢᠶ᠎ᠠ ᠪᠡᠷ ᠬᠤᠨᠤᠬ ᠲᠤᠭᠤᠯᠤᠨ᠎ᠠ᠃ ᠡᠭᠦᠨ ᠡᠴᠡ ᠭᠠᠲᠠᠨ᠎᠎ᠠ ᠬᠦᠨᠡᠰᠦ ᠤᠰᠤ ᠶᠡᠬᠡ ᠪᠡᠷ ᠲᠤᠲᠠᠭᠲᠠᠨ᠂ ᠵᠠᠮ ᠨᠡᠪᠲᠡᠷᠡᠯᠭᠡ᠂ ᠰᠦᠯᠵᠢᠶ᠎ᠠ ᠬᠠᠷᠠᠬᠠᠨ ᠨᠡᠪᠲᠡᠷᠡᠵᠦ ᠲᠡᠶᠢᠯᠦᠭᠡᠲᠦᠢ᠂ ᠠᠪᠤᠷᠠᠨ ᠲᠤᠰᠠᠯᠠᠬᠤ ᠠᠵᠢᠯ ᠮᠦᠨ ᠬᠦ ᠦᠷᠬᠦᠯᠵᠢᠯᠡᠭᠰᠡᠭᠡᠷ᠃

    ᠠᠮᠧᠷᠢᠺᠠ ᠶᠢᠨ ᠭᠠᠵᠠᠷ ᠰᠢᠨᠵᠢᠯᠡᠭᠡᠨ ᠤ ᠬᠠᠶᠢᠨ ᠬᠡᠮᠵᠢᠬᠦ ᠭᠠᠵᠠᠷ ᠬᠦᠲᠡᠯᠦᠯᠲᠡ ᠶᠢᠨ ᠮᠡᠲᠡᠭᠡ ᠵᠠᠩᠬᠢ ᠶᠢᠨ ᠰᠦᠯᠵᠢᠶᠠᠨ ᠤ ᠮᠡᠲᠡᠭᠡᠯᠡᠯ ᠢ ᠦᠨᠳᠦᠰᠦᠯᠡᠪᠡᠯ᠂ 12 ᠤᠨ ᠤᠷᠤᠢ ᠢᠷᠠᠺ ᠤᠨ ᠬᠤᠶᠢᠲᠤ ᠪᠦᠰᠡ ᠶᠢᠨ ᠠᠭᠤᠯᠠᠨ ᠤᠷᠤᠨ ᠳ᠋ᠤ 7.3 ᠲᠡᠰ ᠤᠨ ᠭᠠᠵᠠᠷ ᠬᠦᠲᠡᠯᠪᠡ᠂ ᠡᠨᠡᠬᠦ ᠠᠭᠤᠯᠠᠨ ᠤᠷᠤᠨ ᠨᠢ ᠢᠷᠠᠨ ᠤ ᠪᠠᠷᠠᠭᠤᠨ ᠪᠦᠰᠡ ᠶᠢᠨ ᠬᠢᠵᠠᠭᠠᠷ ᠤᠷᠤᠨ ᠲᠠᠢ ᠬᠦᠷᠰᠢᠯᠡᠵᠦ ᠪᠠᠶᠢᠲᠠᠭ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121965369