蒙古文网站Logo
ᠰᠢᠨᠬᠤᠸᠠ ᠮᠤᠩᠭ᠋ᠤᠯ ᠨᠧᠲ

ᠽᠢᠮᠪᠠᠪᠦ᠋ᠧᠧᠢ ᠶᠢᠨ ᠶᠡᠷᠦᠩᠬᠡᠶᠢᠯᠡᠭᠴᠢ ᠨᠠᠮ ᠤᠨ ᠲᠤᠲᠤᠭᠠᠲᠤ ᠶᠢᠨ ᠲᠤᠰᠢᠶᠠᠯ ᠡᠴᠡ ᠪᠠᠨ ᠤᠭᠴᠠᠷᠠᠭᠤᠯᠤᠭᠲᠠᠪᠠ

2017-11-20 13:02

    ᠰᠢᠨᠬᠤᠧᠠ ᠬᠤᠷᠢᠶ᠎ᠠ   ᠬᠠᠷᠠᠷᠸᠢ ᠶᠢᠨ 11 ᠰᠠᠷ᠎ᠠ ᠶᠢᠨ 19 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠠᠩ ᠢᠦᠢ ᠯᠢᠶᠠᠩ ) 19 ᠤ ᠡᠲᠦᠷ ᠽᠢᠮᠪᠠᠪᠦ᠋ᠸᠸᠢ ᠶᠢᠨ ᠵᠠᠰᠠᠭ ᠪᠠᠷᠢᠭᠴᠢ ᠨᠠᠮ ᠠᠹᠷᠢᠺᠡ ᠶᠢᠨ ᠦᠨᠳᠦᠰᠦᠲᠡᠨ ᠤ ᠬᠤᠯᠪᠤᠭᠠᠯᠠᠯ - ᠤᠯᠤᠰ ᠶᠢᠡᠨ ᠬᠠᠶᠢᠷᠠᠯᠠᠬᠤ ᠹᠷᠤᠨᠲ ᠲᠦᠪ ᠤᠨ ᠤᠨᠴᠠᠭᠠᠢ ᠬᠤᠷᠠᠯ ᠬᠤᠷᠠᠯᠲᠤᠭᠤᠯᠵᠤ ᠶᠡᠷᠦᠩᠬᠡᠶᠢᠯᠡᠭᠴᠢ ᠮᠦᠭᠠᠪᠧᠢ ᠶᠢ ᠦᠨᠳᠦᠰᠦᠲᠡᠨ ᠤ ᠬᠤᠯᠪᠤᠭᠠᠯᠠᠯ ᠤᠨ ᠲᠡᠷᠢᠬᠦᠯᠡᠭᠴᠢ ᠪᠠ ᠨᠢᠭᠡᠲᠦᠭᠡᠷ ᠱᠦᠵᠢ ᠶᠢᠨ ᠲᠤᠰᠢᠶᠠᠯ ᠡᠴᠡ ᠨᠢ ᠤᠭᠴᠠᠷᠠᠭᠤᠯᠬᠤ ᠪᠡᠷ ᠪᠤᠯᠵᠤ᠂ 20 ᠤ ᠡᠲᠦᠷ ᠤᠨ ᠦᠲᠡ ᠡᠴᠡ ᠡᠮᠦᠨ᠎ᠡ ᠶᠡᠷᠦᠩᠬᠡᠶᠢᠯᠡᠭᠴᠢ ᠶᠢᠨ ᠲᠤᠰᠢᠶᠠᠯ ᠡᠴᠡ ᠪᠠᠨ ᠪᠠᠭᠤᠬᠤ ᠶᠢ ᠱᠠᠭᠠᠷᠲᠠᠵᠠᠢ᠂ ᠡᠰᠡ ᠲᠡᠭᠡᠪᠡᠯ ᠢᠯᠡᠴᠢᠯᠡᠵᠦ ᠬᠠᠷᠢᠭᠤᠴᠠᠯᠭ᠎ᠠ ᠨᠡᠬᠡᠮᠵᠢᠯᠡᠨ᠎ᠠ ᠭᠡᠵᠡᠢ᠃

    ᠮᠦᠨ ᠬᠤᠷᠠᠯ ᠡᠴᠡ ᠮᠦᠭᠠᠪᠧᠢ ᠶᠢᠨ ᠬᠠᠲᠤᠨ᠂ ᠤᠷᠤᠨ ᠨᠤᠲᠤᠭ ᠤᠨ ᠵᠠᠰᠠᠭ ᠤᠨ ᠭᠠᠵᠠᠷ ᠤᠨ ᠲᠠᠷᠤᠭ᠎ᠠ ᠪᠠ ᠡᠳ᠋ ᠤᠨ ᠵᠠᠰᠠᠭ ᠤᠨ ᠶᠠᠮᠤᠨ ᠤ ᠰᠠᠶᠢᠳ ᠵᠡᠷᠭᠡ ᠠᠯᠪᠠᠨ ᠲᠤᠰᠢᠶᠠᠯᠲᠠᠨ ᠢ ᠨᠠᠮ ᠡᠴᠡ ᠬᠦᠭᠡᠭᠡᠪᠡ᠃

    ᠽᠢᠮᠪᠠᠪᠦ᠋ᠸᠸᠢ ᠶᠢᠨ ᠴᠡᠷᠢᠭ ᠤᠨ ᠬᠢᠨ 15 ᠤ ᠦᠦᠷ ᠶᠢᠡᠷ ᠴᠡᠷᠢᠭ ᠤᠨ ᠶᠠᠪᠤᠲᠠᠯ ᠤᠨ ᠠᠵᠢᠯᠯᠠᠭ᠎ᠠ ᠶᠠᠪᠤᠭᠤᠯᠵᠤ᠂ ᠵᠠᠰᠠᠭ ᠤᠨ ᠭᠠᠵᠠᠷ ᠤᠨ ᠴᠢᠬᠤᠯᠠ ᠰᠠᠯᠠᠭ᠎ᠠ ᠮᠦᠴᠢᠷ ᠢ ᠪᠦᠬᠦ ᠲᠠᠯ᠎᠎ᠠ ᠪᠡᠷ ᠡᠵᠡᠮᠰᠢᠨ᠂ ᠤᠯᠤᠰ ᠤᠨ ᠲᠧᠯᠧᠶ᠋ᠰ ᠬᠤᠷᠢᠶ᠎ᠠ ᠪᠡᠷ ᠲᠠᠮᠵᠢᠭᠤᠯᠤᠨ ᠴᠡᠷᠢᠭ ᠤᠨ ᠶᠠᠪᠤᠲᠠᠯ ᠤᠨ ᠲᠦᠷᠦ ᠶᠢᠨ ᠡᠷᠬᠢᠯᠲᠡ ᠪᠢᠰᠢ ᠶᠤᠮ᠂ ᠮᠦᠭᠠᠪᠧᠢ ᠵᠢᠴᠢ ᠲᠡᠭᠦᠨ ᠤ ᠭᠡᠷ ᠪᠦᠯᠢ ᠶᠢᠨ ᠬᠦᠮᠦᠰ ᠤᠨ ᠠᠮᠤᠷ ᠲᠦᠪᠰᠢᠨ ᠢ ᠪᠠᠲᠤᠯᠠᠨ᠎ᠠ ᠭᠡᠵᠦ ᠢᠯᠡᠷᠬᠡᠶᠢᠯᠡᠪᠡ᠃ ᠴᠡᠷᠢᠭ ᠤᠨ ᠲᠠᠯ᠎ᠠ ᠶᠢᠨ ᠦᠬᠦᠯᠡᠭᠴᠢ ᠶᠢᠨ ᠢᠯᠡᠷᠬᠡᠶᠢᠯᠡᠭᠰᠡᠨ ᠶᠢᠡᠷ᠂ ᠡᠨᠡᠬᠦ ᠠᠵᠢᠯᠯᠠᠭᠠᠨ ᠤ ᠵᠤᠷᠢᠯᠲᠠ ᠨᠢ ᠵᠠᠰᠠᠭ ᠪᠠᠷᠢᠭᠴᠢ ᠨᠠᠮ ᠤᠨ ᠲᠤᠲᠤᠭᠠᠲᠤ ᠶᠢᠨ 《 ᠶᠠᠯᠠᠲᠠᠳ》 ᠢ᠋ ᠪᠠᠷᠢᠪᠴᠢᠯᠠᠵᠤ ᠬᠠᠦᠯᠢ ᠶᠢᠨ ᠲᠠᠭᠠᠤ ᠰᠢᠢᠳᠬᠡᠬᠦ ᠭᠡᠰᠡᠨ ᠶᠤᠮ ᠪᠠᠶᠢᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121982388