蒙古文网站Logo
ᠰᠢᠨᠬᠤᠸᠠ ᠮᠤᠩᠭ᠋ᠤᠯ ᠨᠧᠲ

ᠮᠤᠷᠤᠺᠺᠤ ᠶᠢᠨ ᠡᠮᠦᠨᠡᠲᠦ ᠪᠦᠰᠡ ᠶᠢᠨ ᠲᠤᠰᠬᠤᠨ ᠳ᠋ᠤ ᠭᠢᠰᠭᠢᠯᠲᠦᠭᠰᠡᠨ ᠬᠡᠷᠡᠭ ᠭᠠᠷᠴᠤ 15 ᠬᠦᠮᠦᠨ ᠠᠮᠢ ᠪᠠᠨ ᠠᠯᠲᠠᠪᠠ

2017-11-20 17:09

    ᠰᠢᠨᠬᠤᠧᠠ ᠬᠤᠷᠢᠶ᠎ᠠ   ᠷᠠᠪᠠᠲ ᠤᠨ 11 ᠰᠠᠷ᠎ᠠ ᠶᠢᠨ 19 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠴᠧᠨ ᠪᠢᠨ ᠵᠢᠶᠧ) ᠮᠤᠷᠤᠺᠺᠤ ᠶᠢᠨ ᠤᠯᠤᠰ ᠤᠨ ᠲᠧᠯᠧᠶ᠋ᠰ ᠬᠤᠷᠢᠶ᠎ᠠ ᠶᠢᠨ ᠮᠡᠲᠡᠭᠡᠯᠡᠭᠰᠡᠨ ᠶᠢᠡᠷ᠂ ᠮᠤᠷᠤᠺᠺᠤ ᠶᠢᠨ ᠡᠮᠦᠨ᠎ᠡ ᠪᠦᠰᠡ ᠶᠢᠨ ᠨᠢᠭᠡ ᠲᠤᠰᠬᠤᠨ ᠳ᠋ᠤ 19 ᠤ ᠡᠲᠦᠷ ᠭᠢᠰᠬᠢᠯᠲᠦᠭ᠍ᠰᠡᠨ ᠬᠡᠷᠡᠭ ᠭᠠᠷᠴᠤ᠂ ᠨᠠᠭᠠᠲᠤ ᠵᠠᠬ᠎ᠠ ᠳ᠋ᠠᠭᠠᠨ 15 ᠬᠦᠮᠦᠨ ᠠᠮᠢ ᠪᠠᠨ ᠠᠯᠲᠠᠵᠤ᠂ 5 ᠬᠦᠮᠦᠨ ᠰᠢᠷᠬᠠᠲᠤᠪᠠ᠃

    ᠲᠤᠬᠠᠢ ᠶᠢᠨ ᠤᠷᠤᠨ ᠤ ᠬᠡᠪᠯᠡᠯ ᠮᠡᠲᠡᠭᠡᠯᠡᠯ ᠤᠨ ᠬᠢᠨ ᠤ ᠮᠡᠲᠡᠭᠡᠯᠡᠭᠰᠡᠨ ᠶᠢᠡᠷ᠂ ᠡᠨᠡᠬᠦ ᠬᠡᠷᠡᠭ ᠨᠢ ᠲᠤᠰᠬᠤᠨ ᠤ ᠠᠷᠠᠳ ᠲᠤᠰᠠᠯᠠᠮᠵᠢ ᠶᠢᠨ ᠠᠮᠤ ᠬᠦᠨᠡᠰᠦ ᠠᠪᠬᠤ ᠳ᠋ᠠᠭᠠᠨ ᠲᠦᠷᠢᠮ ᠢ ᠰᠠᠬᠢᠬᠰᠠᠨ ᠦᠭᠡᠢ ᠡᠴᠡ ᠪᠤᠯᠵᠤ ᠭᠢᠰᠭᠢᠯᠲᠦᠭᠰᠡᠨ ᠭᠡᠵᠡᠢ᠂ ᠰᠢᠷᠬᠠᠲᠤᠭᠰᠠᠳ ᠤᠨ ᠤᠯᠠᠩᠬᠢ ᠨᠢ ᠡᠮᠡᠭᠲᠡᠶᠢᠴᠤᠳ ᠪᠠ ᠬᠡᠦᠬᠡᠳ ᠪᠠᠶᠢᠯ᠎ᠠ᠃

    ᠮᠤᠷᠤᠺᠺᠤ ᠶᠢᠨ ᠲᠤᠲᠤᠭᠠᠲᠤ ᠶᠠᠪᠤᠲᠠᠯ ᠤᠨ ᠶᠠᠮᠤᠨ ᠡᠴᠡ ᠬᠡᠷᠡᠭ ᠡᠭᠦᠰᠦᠭᠰᠡᠨ ᠰᠢᠯᠲᠠᠭᠠᠨ ᠢ ᠲᠤᠲᠤᠯᠠᠵᠤ ᠬᠠᠷᠢᠭᠤᠴᠠᠯᠭ᠎ᠠ ᠡᠭᠦᠷᠭᠡᠯᠡᠬᠦ ᠬᠦᠮᠦᠨ ᠢ ᠲᠤᠭᠲᠠᠭᠠᠨ᠎ᠠ ᠭᠡᠪᠡ᠃

    ᠡᠨᠡ ᠤᠨ ᠳ᠋ᠤ ᠮᠤᠷᠤᠺᠺᠤ ᠶᠢᠨ ᠬᠡᠰᠡᠭ ᠪᠦᠰᠡ ᠨᠤᠲᠤᠭ ᠲᠤ ᠭᠠᠩ ᠭᠠᠴᠢᠭ ᠪᠤᠯᠵᠤ᠂ ᠠᠮᠤ ᠬᠦᠨᠡᠰᠦᠨ ᠤ ᠦᠨ᠎ᠡ ᠶᠡᠬᠡ ᠪᠡᠷ ᠦᠰᠦᠭᠰᠡᠨ ᠡᠴᠡ ᠵᠠᠷᠢᠮ ᠢᠷᠭᠡᠳ ᠲᠤᠰᠠᠯᠠᠮᠵᠢ ᠶᠢᠨ ᠮᠦᠩᠬᠦ  ᠳᠤ ᠲᠦᠰᠢᠭᠯᠡᠨ ᠠᠮᠢᠳᠤᠷᠠᠯ ᠶᠢᠡᠨ ᠠᠷᠭᠠᠴᠠᠭᠠᠵᠤ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121984014