蒙古文网站Logo
ᠰᠢᠨᠬᠤᠸᠠ ᠮᠤᠩᠭ᠋ᠤᠯ ᠨᠧᠲ

ᠢᠷᠠᠨ ᠤ ᠶᠡᠷᠦᠩᠬᠡᠶᠢᠯᠡᠭᠴᠢ 《ᠢᠰᠯᠠᠮ ᠤᠨ ᠤᠯᠤᠰ》 ᠢ ᠤᠰᠠᠳᠬᠠᠭᠰᠠᠨ ᠭᠡᠵᠦ ᠤᠨᠴᠠᠯᠠᠪᠠ

2017-11-22 17:13

    ᠰᠢᠨᠬᠤᠧᠠ ᠬᠤᠷᠢᠶ᠎ᠠ   ᠲᠧᠾᠷᠠᠨ ᠤ 11 ᠰᠠᠷ᠎ᠠ ᠶᠢᠨ 21 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠮᠦ ᠳ᠋ᠦᠩ ) ᠢᠷᠠᠨ ᠤ ᠶᠡᠷᠦᠩᠬᠡᠶᠢᠯᠡᠭᠴᠢ ᠿᠦᠬᠠᠨᠢ 21 ᠤ ᠡᠲᠦᠷ ᠲᠠᠪᠠᠷᠠᠮᠠᠲᠠᠭᠠᠢ ᠪᠦᠯᠦᠭᠲᠡᠨ《ᠢᠰᠯᠠᠮ ᠤᠨ ᠤᠯᠤᠰ》 ᠢ ᠤᠰᠠᠳᠬᠠᠬᠰᠠᠨ ᠭᠡᠵᠡᠢ᠃

    ᠢᠷᠠᠨ ᠤ ᠢᠰᠯᠠᠮ ᠤᠨ ᠬᠤᠪᠢᠰᠬᠠᠯᠲᠤ ᠴᠡᠷᠢᠭ ᠠᠩᠬᠢ ᠶᠢᠨ ᠬᠢᠨ ᠠᠯᠪᠠᠨ ᠰᠦᠯᠵᠢᠶᠠᠨ ᠳ᠋ᠡᠭᠡᠨ ᠡᠨᠡᠬᠦ ᠮᠡᠲᠡᠭᠡᠯᠡᠯ ᠢ ᠨᠡᠶᠢᠲᠡᠯᠡᠪᠡ᠃ ᠮᠡᠲᠡᠭᠡᠯᠡᠯ ᠳ᠋ᠤ᠂ ᠢᠷᠠᠨ ᠡᠴᠡ ᠲᠤᠮᠢᠯᠠᠭᠰᠠᠨ ᠴᠡᠷᠢᠭ ᠤᠨ ᠶᠠᠪᠤᠲᠠᠯ ᠤᠨ ᠵᠦᠪᠯᠡᠭᠴᠢ 《ᠢᠰᠯᠠᠮ ᠤᠨ ᠤᠯᠤᠰ》  ᠢ ᠤᠰᠠᠳᠬᠠᠬᠤ ᠳ᠋ᠤ ᠯᠤᠲᠤ ᠶᠡᠬᠡ ᠦᠢᠯᠡᠳᠦᠯ ᠦᠵᠡᠬᠦᠯᠦᠭᠰᠡᠨ ᠭᠡᠵᠡᠢ᠃ ᠮᠦᠨ ᠮᠡᠲᠡᠭᠡᠯᠡᠯ ᠳ᠋ᠤ ᠬᠡᠯᠡᠬᠦ ᠳ᠋ᠡᠭᠡᠨ᠂ ᠢᠷᠠᠨ ᠲᠡᠯᠡᠬᠡᠢ ᠨᠡᠶᠢᠲᠡ ᠶᠢᠨ 《ᠢᠰᠯᠠᠮ ᠤᠨ ᠤᠯᠤᠰ》 ᠢ ᠡᠰᠡᠷᠬᠦᠴᠡᠬᠦ ᠠᠵᠢᠯᠯᠠᠭᠠᠨ ᠳ᠋ᠤ ᠢᠲᠡᠪᠬᠢᠲᠡᠢ ᠤᠷᠤᠯᠴᠠᠵᠤ᠂ ᠢᠷᠠᠨ ᠤ ᠴᠡᠷᠢᠭ ᠪᠠ ᠢᠷᠠᠺ᠂ ᠰᠢᠷᠢᠶ᠎ᠠ ᠶᠢᠨ ᠠᠷᠠᠳ ᠲᠦᠮᠡᠨ ᠲᠠᠢ ᠬᠠᠮᠲᠤ 《ᠢᠰᠯᠠᠮ ᠤᠨ ᠤᠯᠤᠰ》 ᠢ ᠡᠰᠡᠷᠭᠦᠴᠡᠨ ᠲᠠᠭᠠᠷᠢᠵᠤ᠂ ᠰᠦᠷᠲᠡᠬᠦᠯᠦᠯ ᠤᠨ ᠲᠠᠭᠠᠷᠢᠯᠲᠠ ᠶᠢᠨ ᠡᠴᠦᠰ ᠤᠨ ᠢᠯᠠᠯᠲᠠ ᠶᠢ ᠲᠡᠮᠡᠴᠡᠨ ᠤᠯᠤᠭᠰᠠᠨ ᠭᠡᠵᠡᠢ᠃

    ᠮᠡᠲᠡᠭᠡᠯᠡᠭᠰᠡᠨ ᠢ ᠦᠨᠳᠦᠰᠦᠯᠡᠪᠡᠯ᠂ ᠢᠷᠠᠺ ᠤᠨ ᠶᠡᠷᠦᠩᠬᠡᠶ ᠰᠠᠶᠢᠳ 21 ᠤ ᠡᠲᠦᠷ ᠢᠯᠡᠷᠬᠡᠶᠢᠯᠡᠭᠰᠡᠨ ᠶᠢᠡᠷ᠂ ᠢᠷᠠᠺ ᠴᠡᠷᠢᠭ ᠤᠨ ᠶᠠᠪᠤᠲᠠᠯ ᠤᠨ ᠲᠠᠯ᠎ᠠ ᠳ᠋ᠤ ᠲᠠᠪᠠᠷᠠᠮᠠᠲᠠᠭᠠᠢ ᠪᠦᠯᠦᠭᠲᠡᠨ ᠤ ᠵᠤᠬᠢᠶᠠᠨ ᠪᠠᠶᠢᠭᠤᠯᠤᠯᠲᠠ ᠪᠤᠯᠬᠤ《ᠢᠰᠯᠠᠮ ᠤᠨ ᠤᠯᠤᠰ》 ᠢ ᠤᠰᠠᠳᠬᠠᠬᠰᠠᠨ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121995883