蒙古文网站Logo
ᠰᠢᠨᠬᠤᠸᠠ ᠮᠤᠩᠭ᠋ᠤᠯ ᠨᠧᠲ

ᠲᠦᠨᠢᠰ ᠢᠲ᠋ᠠᠯᠢ ᠬᠠᠮᠲᠤᠷᠠᠨ ᠴᠠᠭᠠᠴᠢᠳ ᠲᠤ ᠴᠤᠬᠢᠯᠲᠠ ᠦᠭ᠍ᠬᠦ ᠪᠡᠷ ᠪᠠᠶᠢᠨ᠎ᠠ

2017-11-27 12:43

    ᠰᠢᠨᠬᠤᠧᠠ ᠬᠤᠷᠢᠶ᠎ᠠ   ᠲᠦᠨᠢᠰ ᠤᠨ 11 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢᠦ ᠺᠠᠢ᠂ ᠮᠠ ᠳ᠋ᠢ ) ᠲᠦᠨᠢᠰ ᠲᠤ ᠠᠶᠢᠯᠴᠢᠯᠠᠵᠤ ᠪᠠᠶᠢᠭ᠎ᠠ ᠢᠲ᠋ᠠᠯᠢ ᠶᠢᠨ ᠶᠡᠷᠦᠩᠬᠡᠶ ᠰᠠᠶᠢᠳ 25 ᠤ ᠡᠲᠦᠷ ᠬᠡᠯᠡᠬᠦ ᠳ᠋ᠡᠭᠡᠨ᠂ ᠴᠠᠭᠠᠴᠢᠳ ᠤᠨ ᠠᠰᠠᠭᠤᠲᠠᠯ ᠨᠢ ᠭᠠᠵᠠᠷ ᠤᠨ ᠲᠤᠮᠲᠠᠲᠤ ᠲᠠᠩᠬᠢᠰ ᠤᠷᠴᠢᠮ ᠤᠨ ᠤᠯᠤᠰ ᠤᠷᠤᠨ ᠤ ᠬᠠᠮᠲᠤ ᠶᠢᠨ ᠠᠰᠢᠭ ᠲᠤᠰᠠ ᠲᠠᠢ ᠬᠤᠯᠪᠤᠭᠲᠠᠵᠤ᠂ ᠢᠲ᠋ᠠᠯᠢ ᠪᠤᠯᠤᠨ ᠲᠦᠨᠢᠰ ᠬᠠᠮᠲᠤᠷᠠᠨ ᠴᠠᠭᠠᠴᠢᠳ ᠲᠤ ᠴᠤᠬᠢᠯᠲᠠ ᠦᠭ᠍ᠬᠦ ᠪᠤᠯᠤᠨ᠎ᠠ ᠭᠡᠵᠡᠢ᠃

    ᠲᠡᠷᠡ ᠪᠡᠷ ᠮᠦᠨ ᠬᠡᠯᠡᠬᠦ ᠳ᠋ᠡᠭᠡᠨ᠂ ᠲᠦᠨᠢᠰ ᠴᠠᠭᠠᠴᠢᠳ ᠪᠠ ᠰᠦᠷᠲᠡᠬᠦᠯᠬᠦ ᠦᠵᠡᠯ ᠤᠨ ᠲᠠᠭᠠᠷᠢᠯᠲᠠ ᠵᠡᠷᠭᠡ ᠠᠰᠠᠭᠤᠲᠠᠯ ᠳ᠋ᠤ ᠴᠢᠩᠭ᠋᠎ᠠ ᠬᠠᠲᠠᠭᠤ ᠠᠷᠭ᠎ᠠ ᠬᠡᠮᠵᠢᠶ᠎ᠠ ᠠᠪᠤᠭᠰᠠᠨ ᠪᠤᠯᠬᠤᠷ ᠬᠤᠶᠠᠷ ᠤᠯᠤᠰ ᠤᠨ ᠡᠨᠡ ᠲᠠᠯ᠎ᠠ ᠶᠢᠨ ᠬᠠᠮᠲᠤᠷᠠᠯᠴᠠᠭ᠎ᠠ ᠰᠢᠯᠤᠭᠤᠨ ᠪᠠᠶᠢᠨ᠎ᠠ᠃ ᠰᠡᠬᠦᠯ ᠤᠨ ᠦᠶ᠎ᠠ ᠳ᠋ᠤ ᠠᠮᠤᠷ ᠲᠦᠪᠰᠢᠨ᠂ ᠡᠳ᠋ ᠤᠨ ᠵᠠᠰᠠᠭ ᠤᠨ ᠰᠠᠯᠪᠤᠷᠢ ᠶᠢᠨ ᠬᠠᠮᠲᠤᠷᠠᠯᠴᠠᠭᠠᠨ ᠤ ᠲᠦᠪᠰᠢᠨ ᠲᠠᠰᠤᠷᠠᠯᠲᠠ ᠦᠭᠡᠢ ᠲᠡᠭᠡᠭ᠍ᠰᠢᠯᠡᠭᠰᠡᠨ ᠶᠢᠡᠷ ᠬᠤᠶᠠᠷ ᠲᠠᠯ᠎᠎ᠠ ᠪᠡᠷ ᠶᠢᠡᠨ ᠤᠯᠠᠨ ᠰᠠᠯᠪᠤᠷᠢ ᠶᠢᠨ ᠬᠠᠮᠲᠤᠷᠠᠯᠴᠠᠭ᠎ᠠ ᠤᠷᠤᠭᠤ ᠲᠡᠯᠡᠵᠦ᠂ ᠤᠨᠴᠠᠭᠠᠶᠢᠯᠠᠨ ᠵᠠᠯᠠᠭᠤᠴᠤᠳ ᠤᠨ ᠰᠤᠯᠢᠯᠴᠠᠭ᠎ᠠ ᠶᠢ ᠠᠬᠢᠭᠤᠯᠬᠤ ᠪᠡᠷ ᠪᠠᠶᠢᠨ᠎ᠠ ᠬᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122016396