蒙古文网站Logo
ᠰᠢᠨᠬᠤᠸᠠ ᠮᠤᠩᠭ᠋ᠤᠯ ᠨᠧᠲ

ᠢᠷᠠᠨ ᠤ ᠵᠡᠬᠦᠨ ᠡᠮᠦᠨ᠎ᠡ ᠪᠦᠰᠡ ᠳ᠋ᠤ 6.0 ᠲᠡᠰ ᠤᠨ ᠭᠠᠵᠠᠷ ᠬᠦᠲᠡᠯᠪᠡ

2017-12-01 16:55

    ᠰᠢᠨᠬᠤᠧᠠ ᠬᠤᠷᠢᠶ᠎ᠠ   ᠲᠧᠾᠷᠠᠨ ᠤ 12 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ   ᠠᠮᠧᠷᠢᠺᠠ ᠶᠢᠨ ᠭᠠᠵᠠᠷ ᠬᠦᠲᠡᠯᠦᠯᠲᠡ ᠶᠢ ᠬᠠᠶᠢᠨ ᠬᠡᠮᠵᠢᠬᠦ ᠰᠦᠯᠵᠢᠶᠠᠨ ᠤ ᠮᠡᠲᠡᠭᠡᠯᠡᠭᠰᠡᠨ ᠶᠢᠡᠷ᠂ 12 ᠰᠠᠷ᠎ᠠ ᠶᠢᠨ 1 ᠤ ᠡᠲᠦᠷ ᠢᠷᠠᠨ ᠤ ᠵᠡᠬᠦᠨ ᠡᠮᠦᠨ᠎ᠡ ᠪᠦᠰᠡ ᠳ᠋ᠤ 6.0 ᠲᠡᠰ ᠤᠨ ᠭᠠᠵᠠᠷ ᠬᠦᠲᠡᠯᠵᠠᠢ᠃

    ᠬᠢᠨᠠᠨ ᠬᠡᠮᠵᠢᠭᠰᠡᠨ ᠶᠢᠡᠷ ᠭᠠᠵᠠᠷ ᠬᠦᠲᠡᠯᠦᠯᠲᠡ ᠨᠢ ᠲᠤᠬᠠᠢ ᠶᠢᠨ ᠤᠷᠤᠨ ᠤ ᠴᠠᠭ ᠶᠢᠡᠷ 1 ᠤ ᠦᠷᠯᠦᠭᠡ ᠶᠢᠨ 6᠄ 32 ᠴᠠᠭ ᠲᠤ ᠡᠭᠦᠰᠪᠡ᠃ ᠢᠷᠠᠨ ᠭᠠᠵᠠᠷ ᠤᠨ ᠲᠠᠪᠬᠤᠷᠭ᠎ᠠ ᠶᠢᠨ ᠬᠠᠭᠠᠷᠠᠯ  ᠤᠯᠠᠨᠲᠠᠢ ᠪᠦᠰᠡ ᠳ᠋ᠤ ᠤᠷᠤᠰᠢᠲᠠᠭ ᠡᠴᠡ ᠪᠠᠶᠢᠩᠭ᠋ᠤ ᠭᠠᠵᠠᠷ ᠬᠦᠲᠡᠯᠲᠡᠭ᠃ ᠢᠷᠠᠨ ᠤ ᠵᠠᠷᠢᠮ ᠪᠠᠷᠢᠯᠭ᠎ᠠ ᠨᠢ ᠭᠠᠵᠠᠷ ᠬᠦᠲᠡᠯᠦᠯᠲᠡ ᠶᠢ ᠲᠠᠭᠠᠭᠠᠬᠤ ᠴᠢᠲᠠᠮᠵᠢ ᠪᠡᠷ ᠪᠠᠷᠤᠭᠲᠠᠢ ᠪᠤᠯᠬᠤᠷ ᠭᠠᠵᠠᠷ ᠬᠦᠲᠡᠯᠦᠯᠲᠡ ᠶᠢᠨ ᠲᠡᠰ ᠨᠢ ᠦᠨᠳᠦᠷ ᠪᠢᠰᠢ ᠴᠤ ᠬᠦᠨᠳᠦ ᠰᠦᠷᠡᠬᠡᠢ ᠬᠤᠬᠢᠷᠠᠯ ᠭᠠᠷᠲᠠᠭ᠃

    ᠡᠨᠡ ᠤᠨ ᠤ 11 ᠰᠠᠷ᠎ᠠ ᠶᠢᠨ 12 ᠤᠨ ᠡᠲᠦᠷ᠂ ᠢᠷᠠᠺ ᠪᠠ ᠢᠷᠠᠨ ᠤ ᠬᠢᠯᠢ ᠲᠠᠭᠠᠤ ᠤᠷᠤᠨ ᠳ᠋ᠤ 7.3 ᠲᠡᠰ ᠤᠨ ᠭᠠᠵᠠᠷ ᠬᠦᠲᠡᠯᠬᠦ ᠳᠤ 470 ᠭᠠᠷᠤᠢ ᠬᠦᠮᠦᠨ ᠠᠮᠢ ᠪᠠᠨ ᠠᠯᠲᠠᠵᠤ᠂ 9000 ᠤᠷᠴᠢᠮ ᠬᠦᠮᠦᠨ ᠰᠢᠷᠬᠠᠲᠤᠭᠰᠠᠨ ᠶᠤᠮ᠃ ᠡᠭᠦᠨ ᠡᠴᠡ ᠪᠤᠯᠤᠭᠰᠠᠨ ᠡᠳ᠋ ᠤᠨ ᠵᠠᠰᠠᠭ ᠤᠨ ᠰᠢᠭᠤᠳ ᠬᠤᠬᠢᠷᠠᠯ 4.5 ᠳ᠋ᠦᠩᠰᠢᠭᠤᠷ ᠳ᠋ᠤᠯᠯᠠᠷ ᠬᠦᠷᠴᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122044447