蒙古文网站Logo
ᠰᠢᠨᠬᠤᠸᠠ ᠮᠤᠩᠭ᠋ᠤᠯ ᠨᠧᠲ

ᠵᠠᠷᠢᠮ ᠪᠦᠰᠡ ᠨᠤᠲᠤᠭ ᠤᠨ ᠠᠶᠢᠽᠢ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠤᠷᠤᠭᠰᠢ ᠦᠭᠡᠢ ᠪᠠᠶᠢᠨ᠎ᠠ ᠭᠡᠵᠦ ᠭᠦᠲ᠋ᠧᠷᠧᠰ ᠤᠨᠴᠠᠯᠠᠪᠠ

2017-12-02 13:56

    ᠰᠢᠨᠬᠤᠧᠠ ᠬᠤᠷᠢᠶ᠎ᠠ   ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ 12 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠱᠠᠩ ᠰᠢᠦᠢ ᠴᠢᠶᠠᠨ ) 12 ᠰᠠᠷ᠎ᠠ ᠶᠢᠨ 1 ᠤ ᠡᠲᠦᠷ ᠪᠤᠯ ᠲᠡᠯᠡᠬᠡᠢ ᠶᠢᠨ ᠠᠶᠢᠽᠢ ᠡᠪᠡᠳᠴᠢᠨ ᠤ ᠡᠲᠦᠷ ᠪᠤᠯᠬᠤ ᠶᠤᠮ᠃ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠨᠠᠷᠢᠨ ᠪᠢᠴᠢᠭ᠌ ᠤᠨ ᠲᠠᠷᠤᠭ᠎ᠠ ᠭᠦᠲ᠋ᠧᠷᠧᠰ ᠲᠤᠬᠠᠢ ᠶᠢᠨ ᠡᠲᠦᠷ ᠡᠯ᠎ᠡ ᠤᠯᠤᠰ ᠤᠨ ᠬᠢᠨ ᠳᠤ ᠠᠶᠢᠽᠢ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠢ ᠴᠢᠬᠤᠯᠠᠴᠢᠯᠠᠬᠤ ᠶᠢ ᠰᠠᠨᠠᠭᠠᠴᠢᠯᠠᠭᠰᠠᠨ ᠤ ᠬᠠᠮᠳᠤ ᠵᠠᠷᠢᠮ ᠪᠦᠰᠡ ᠨᠤᠲᠤᠭ ᠤᠨ ᠰᠡᠷᠭᠡᠶᠢᠯᠡᠨ ᠵᠠᠰᠠᠬᠤ ᠠᠵᠢᠯ ᠤᠷᠤᠭᠰᠢ ᠦᠭᠡᠢ ᠪᠠᠶᠢᠨ᠎ᠠ ᠭᠡᠵᠦ ᠤᠨᠴᠠᠯᠠᠪᠠ᠃

    ᠲᠡᠷᠡ ᠪᠡᠷ ᠢᠯᠡᠷᠬᠡᠶᠢᠯᠡᠯᠲᠡ ᠳ᠋ᠡᠭᠡᠨ᠂ ᠪᠦᠬᠦ ᠲᠡᠯᠡᠬᠡᠢ ᠶᠢᠨ ᠠᠶᠢᠽᠢ ᠡᠪᠡᠳᠴᠢᠨ ᠢ ᠰᠡᠷᠬᠡᠶᠢᠯᠡᠬᠦ ᠠᠵᠢᠯ ᠶᠡᠬᠡᠬᠡᠨ ᠤᠷᠤᠬᠰᠢ ᠤᠷᠤᠭᠰᠢᠲᠠᠢ ᠪᠠᠶᠢᠨ᠎ᠠ᠃ ᠤᠲᠤᠬᠠᠨ ᠳ᠋ᠤ 2100 ᠲᠦᠮᠡᠨ ᠠᠶᠢᠽᠢ ᠡᠪᠡᠳᠴᠢᠲᠠᠨ ᠡᠮᠴᠢᠯᠡᠬᠡ ᠬᠦᠯᠢᠶᠡᠵᠤ ᠪᠠᠶᠢᠬᠤ ᠪᠦᠭᠡᠳ 2020 ᠤᠨ ᠬᠡᠬᠦ ᠳᠤ 3000 ᠲᠦᠮᠡ ᠬᠦᠷᠬᠦ ᠪᠤᠯᠤᠨ᠎ᠠ᠃ ᠠᠶᠢᠽᠢ ᠡᠪᠡᠳᠴᠢᠨ ᠡᠴᠡ ᠪᠤᠯᠵᠤ ᠠᠮᠢ ᠪᠠᠨ ᠠᠯᠲᠠᠭᠰᠠᠨ ᠪᠤᠶᠤ ᠬᠠᠯᠲᠠᠪᠤᠷᠢᠯᠠᠭᠲᠠᠭᠰᠠᠨ ᠡᠪᠡᠳᠴᠢᠲᠠᠨ ᠤ ᠲᠤᠭ᠎ᠠ ᠪᠠᠭᠠᠰᠴᠤ ᠪᠠᠶᠢᠨ᠎ᠠ ᠭᠡᠵᠡᠢ᠃

    ᠲᠡᠷᠡ ᠪᠡᠷ ᠮᠦᠨ ᠬᠡᠯᠡᠬᠦ ᠳ᠋ᠡᠭᠡᠨ᠂ ᠵᠠᠷᠢᠮ ᠪᠦᠰᠡ ᠨᠤᠲᠤᠭ ᠤᠨ ᠠᠶᠢᠽᠢ ᠡᠪᠡᠳᠴᠢᠨ ᠢ ᠰᠡᠷᠬᠡᠶᠢᠯᠡᠨ ᠵᠠᠰᠠᠬᠤ ᠠᠵᠢᠯ ᠮᠦᠨ ᠯᠡ ᠤᠷᠤᠭᠰᠢ ᠦᠭᠡᠢ ᠪᠠᠶᠢᠵᠤ᠂ ᠡᠪᠡᠳᠴᠢᠲᠠᠨ ᠠᠮᠢ ᠪᠠᠨ ᠠᠯᠲᠠᠬᠤ ᠪᠤᠶᠤ ᠰᠢᠨ᠎ᠡ ᠪᠡᠷ ᠬᠠᠯᠲᠠᠪᠤᠷᠢᠯᠠᠵᠤ ᠪᠠᠶᠢᠭ᠎ᠠ ᠦᠵᠡᠭᠲᠡᠯ ᠪᠤᠢ᠃ ᠡᠭᠦᠨ ᠳ᠋ᠤ ᠨᠠᠰᠤᠨ ᠳᠤ ᠬᠦᠷᠦᠭᠰᠡᠨ ᠡᠮᠡᠭᠲᠡᠢ ᠪᠠ ᠡᠮᠡᠭᠲᠡᠢ ᠬᠡᠦᠬᠡᠳ ᠤᠨ ᠨᠤᠷᠮ᠎ᠠ ᠨᠢ ᠡᠷᠡᠭᠲᠡᠢ ᠶᠢᠨ ᠬᠢ ᠡᠴᠡ ᠦᠨᠳᠦᠷ᠂ ᠤᠨᠴᠠᠭᠠᠶᠢᠯᠠᠨ ᠠᠹᠷᠢᠺᠠ ᠲᠢᠪ ᠲᠤ ᠬᠡᠴᠡᠬᠦᠦ ᠪᠠᠶᠢᠲᠠᠯ ᠲᠠᠢ ᠭᠡᠵᠡᠢ᠃

    ᠬᠦᠮᠦᠰ ᠤᠨ ᠠᠶᠢᠽᠢ ᠡᠪᠡᠳᠴᠢᠨ ᠤ ᠲᠤᠬᠠᠢ ᠠᠶᠤᠯ ᠬᠦᠨᠦᠭᠡᠯ ᠤᠨ ᠲᠠᠨᠢᠯᠲᠠ ᠶᠢ ᠲᠡᠭᠡᠭ᠍ᠰᠢᠯᠡᠬᠦᠯᠵᠦ᠂ ᠠᠶᠢᠽᠢ ᠡᠪᠡᠳᠴᠢᠨ ᠢ ᠪᠦᠲᠦᠮᠵᠢᠲᠡᠢ ᠰᠡᠷᠬᠡᠶᠢᠯᠡᠬᠦ ᠪᠡᠷ ᠲᠡᠯᠡᠬᠡᠢ ᠶᠢᠨ ᠡᠷᠡᠬᠦᠯ ᠮᠡᠨᠲᠦ ᠶᠢᠨ ᠵᠤᠬᠢᠶᠠᠨ ᠪᠠᠶᠢᠭᠤᠯᠤᠯᠲᠠ ᠡᠴᠡ 1988 ᠤᠨ ᠳ᠋ᠤ ᠵᠢᠯ ᠪᠦᠷᠢ ᠶᠢᠨ 12 ᠰᠠᠷ᠎ᠠ ᠶᠢᠨ 1 ᠤ ᠡᠲᠦᠷ ᠢ ᠲᠡᠯᠡᠬᠡᠢ ᠶᠢᠨ ᠠᠶᠢᠽᠢ ᠡᠪᠡᠳᠴᠢᠨ ᠤ ᠡᠲᠦᠷ ᠶᠢᠡᠷ ᠲᠤᠭᠲᠠᠭᠠᠪᠠ᠂ ᠲᠤᠰ ᠡᠲᠦᠷ ᠲᠡᠯᠡᠬᠡᠢ ᠨᠡᠶᠢᠲᠡ ᠪᠡᠷ ᠶᠢᠡᠨ ᠬᠠᠮᠢᠶᠠᠲᠠᠢ ᠠᠵᠢᠯᠯᠠᠭ᠎ᠠ ᠦᠷᠨᠢᠬᠦᠯᠵᠦ᠂ ᠠᠶᠢᠽᠢ ᠡᠪᠡᠳᠴᠢᠨ ᠢ ᠰᠡᠷᠬᠡᠶᠢᠯᠡᠬᠦ ᠲᠤᠬᠠᠢ ᠮᠡᠲᠡᠯᠭᠡ ᠶᠢ ᠲᠦᠭᠡᠮᠡᠯᠵᠢᠬᠦᠯᠲᠡᠭ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122047584