蒙古文网站Logo
ᠰᠢᠨᠬᠤᠸᠠ ᠮᠤᠩᠭ᠋ᠤᠯ ᠨᠧᠲ

ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠤᠯᠤᠰ ᠲᠦᠷᠦ ᠶᠢᠨ ᠠᠵᠢᠯ ᠢ ᠬᠠᠷᠢᠭᠤᠴᠠᠵᠤ ᠪᠦᠬᠦᠢ ᠲᠡᠳ᠋ ᠨᠠᠷᠢᠨ ᠪᠢᠴᠢᠭ᠌ ᠤᠨ ᠲᠠᠷᠤᠭ᠎ᠠ ᠰᠤᠯᠤᠩᠭ᠋ᠤᠰ ᠲᠤ ᠠᠶᠢᠯᠴᠢᠯᠠᠬᠤ ᠪᠡᠷ ᠪᠠᠶᠢᠨ᠎ᠠ

2017-12-05 18:48

    ᠰᠢᠨᠬᠤᠧᠠ ᠬᠤᠷᠢᠶ᠎ᠠ   ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ 12 ᠰᠠᠷ᠎ᠠ ᠶᠢᠨ 4 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠸᠠᠩ ᠵᠢᠶᠠᠨ ᠭᠠᠩ ) 12 ᠰᠠᠷ᠎ᠠ ᠶᠢᠨ 5 ᠤ ᠡᠲᠦᠷ ᠡᠴᠡ 8 ᠤ ᠡᠲᠦᠷ ᠪᠤᠯᠲᠠᠯ᠎ᠠ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠤᠯᠤᠰ ᠲᠦᠷᠦ ᠶᠢᠨ ᠠᠵᠢᠯ ᠢ ᠬᠠᠷᠢᠭᠤᠴᠠᠵᠤ ᠪᠦᠬᠦᠢ ᠲᠡᠳ᠋ ᠨᠠᠷᠢᠨ ᠪᠢᠴᠢᠭ᠌ ᠤᠨ ᠲᠠᠷᠤᠭ᠎ᠠ ᠰᠤᠯᠤᠩᠭ᠋ᠤᠰ ᠲᠤ ᠠᠶᠢᠯᠴᠢᠯᠠᠨ᠂ ᠰᠤᠯᠤᠩᠭ᠋ᠤᠰ ᠤᠨ ᠠᠯᠪᠠᠨ ᠲᠤᠰᠢᠶᠠᠯᠲᠠᠨ ᠲᠠᠢ《ᠬᠠᠮᠲᠤ ᠪᠡᠷ ᠠᠩᠬᠠᠷᠴᠤ ᠪᠦᠬᠦᠢ ᠠᠰᠠᠭᠤᠲᠠᠯ》 ᠤᠨ ᠲᠤᠭᠤᠷᠢᠨ ᠳ᠋ᠤ ᠶᠠᠷᠢᠯᠴᠠᠬᠤ ᠪᠤᠯᠤᠨ᠎ᠠ ᠭᠡᠵᠡᠢ᠃

    ᠲᠡᠷᠡ ᠪᠡᠷ ᠰᠤᠯᠤᠩᠭ᠋ᠤᠰ ᠲᠤ ᠠᠶᠢᠯᠴᠢᠯᠠᠵᠤ ᠪᠠᠶᠢᠬᠤ ᠬᠤᠭᠤᠴᠠᠭᠠᠨ ᠳ᠋ᠠᠭᠠᠨ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠤᠯᠤᠰ ᠤᠨ ᠪᠠᠭ ᠵᠢᠴᠢ ᠭᠠᠲᠠᠭᠠᠲᠤ ᠤᠯᠤᠰ ᠤᠨ ᠡᠯᠴᠢᠨ ᠰᠠᠶᠢᠳ ᠤᠨ ᠪᠠᠭ ᠲᠠᠢ ᠠᠭᠤᠯᠵᠠᠨ᠂ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠲᠦᠰᠦᠯ ᠤᠨ ᠭᠠᠵᠠᠷ ᠬᠦᠷᠬᠦ ᠪᠤᠯᠤᠨ᠎ᠠ᠂ ᠮᠦᠨ ᠡᠲᠡᠭᠡᠷ ᠠᠵᠢᠯᠯᠠᠭ᠎ᠠ ᠨᠤᠭᠤᠳ ᠨᠢ ᠰᠤᠯᠤᠩᠭ᠋ᠤᠰ ᠤᠨ ᠫᠢᠶᠤᠩᠶᠩ ᠳ᠋ᠤ ᠶᠠᠪᠤᠭᠲᠠᠬᠤ ᠪᠤᠯᠤᠨ᠎ᠠ ᠭᠡᠵᠦ 4 ᠤ ᠡᠲᠦᠷ ᠪᠤᠯᠤᠭᠰᠠᠨ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠨᠠᠷᠢᠨ ᠪᠢᠴᠢᠭ᠌ ᠤᠨ ᠲᠠᠷᠤᠭ᠎ᠠ ᠶᠢᠨ ᠦᠬᠦᠯᠡᠭᠴᠢ ᠶᠠᠷᠢᠯ᠎ᠠ᠃

    2010 ᠤᠨ ᠪᠠ 2011 ᠤᠨ ᠳ᠋ᠤ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠲᠡᠭᠡᠳᠦ ᠲᠤᠰᠢᠶᠠᠯᠲᠠᠨ ᠰᠤᠯᠤᠩᠭ᠋ᠤᠰ ᠲᠤ ᠠᠶᠢᠯᠴᠢᠯᠠᠵᠤ ᠦᠩᠭᠡᠷᠡᠪᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭